ᠮᠠᠨ ᠤ ᠠᠶᠢᠮᠠᠭ 2024 ᠣᠨ ᠤ ᠲᠦᠷᠦᠭᠦᠤ ᠭᠤᠷᠪᠠᠨ ᠤᠯᠠᠷᠢᠯ ᠤᠨ ᠪᠦᠬᠦ ᠠᠶᠢᠮᠠᠭ ᠤᠨ ᠠᠵᠤ ᠠᠬᠤᠶ ᠶᠢᠨ ᠡᠷᠬᠢᠯᠳᠠ ᠶᠢᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/29
    ᠣᠶᠢᠷ᠎ᠠ ᠶᠢᠨ ᠡᠳᠦᠷ᠂ ᠠᠶᠢᠮᠠᠭ ᠤᠨ ᠵᠠᠬᠢᠷᠭ᠎ᠠ ᠶᠢᠨ ᠰᠣᠨᠢᠨ ᠮᠡᠳᠡᠭᠡᠨ ᠤ ᠠᠯᠪᠠᠨ ᠭᠡᠷ 2024 ᠣᠨ ᠤ ᠲᠦᠷᠦᠭᠦᠦ ᠭᠤᠷᠪᠠᠨ ᠤᠯᠠᠷᠢᠯ ᠤᠨ ᠪᠦᠬᠦ ᠠᠶᠢᠮᠠᠭ ᠤᠨ ᠠᠵᠤ ᠠᠬᠤᠢ ᠶᠢᠨ ᠡᠷᠬᠢᠯᠳᠠ ᠶᠢᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠦ᠂ 2024 ᠣᠨ ᠤ ᠲᠦᠷᠦᠭᠦᠦ ᠭᠤᠷᠪᠠᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ᠂ ᠠᠵᠤ ᠦᠢᠯᠡᠳᠪᠦᠷᠢ ᠶᠢᠨ ᠠᠵᠤ ᠠᠬᠤᠢ ᠪᠣᠯᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠵᠡᠷᠭᠡ ᠪᠠᠶᠢᠳᠠᠯ ᠢ ᠨᠡᠶᠢᠲᠡᠯᠡᠭᠰᠡᠨ ᠪᠠᠶᠢᠨ᠎ᠠ᠃    ᠲᠦᠷᠦᠭᠦᠦ ᠭᠤᠷᠪᠠᠨ ᠤᠯᠠᠷᠢᠯ ᠳᠤ᠂ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠳᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠱᠤᠭᠤᠮ ᠢᠶᠠᠨ ᠪᠣᠯᠭᠠᠬᠤ ᠶᠢ ᠪᠠᠷᠢᠮᠲᠠᠯᠠᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠤᠨ᠂ ᠬᠡᠷᠡᠭᠴᠡᠭᠡ ᠶᠢ ᠥᠷᠭᠡᠳᠭᠡᠵᠦ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠤᠨ᠂ ᠭᠠᠵᠠᠷ ᠣᠷᠣᠨ ᠤ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠳᠤᠯᠠᠵᠦ᠂ ᠦᠢᠯᠡᠳᠪᠦᠷᠢᠯᠡᠯ ᠤᠨ ᠬᠡᠷᠡᠭᠴᠡᠭᠡ  ᠶᠢ ᠲᠣᠭᠲᠠᠭᠤᠨ ᠢᠶᠠᠷ ᠨᠡᠮᠡᠭᠳᠡᠭᠦᠯᠤᠨ᠂ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠪᠠ᠃    ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠲᠦᠷᠦᠭᠦᠤ ᠭᠤᠷᠪᠠᠨ ᠤᠯᠠᠷᠢᠯ ᠳᠤ ᠪᠦᠬᠦ ᠠᠶᠢᠮᠠᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 297.4 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠷᠠᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠵᠡᠶ᠃ ᠠᠵᠤ ᠦᠢᠯᠡᠰ ᠤᠨ ᠪᠦᠲᠦᠴᠠ ᠪᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 8.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 189.6 ᠳ᠋ᠦᠩᠰᠢᠭᠤᠷ ᠲᠥᠭᠦᠷᠢᠭ ᠲᠤ ᠬᠦᠷᠴᠦ᠂ 8.3% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 99.4 ᠳ᠋ᠦᠩᠰᠢᠭᠤᠷ ᠲᠥᠭᠦᠷᠢᠭ ᠲᠤ ᠬᠦᠷᠴᠦ᠂ 3.9% ᠪᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.4% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠨ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠠᠵᠤ ᠠᠬᠤᠶ ᠶᠢᠨ ᠦᠢᠯᠡᠳᠬᠦᠨ ᠤ ᠶᠡᠷᠦᠩᠬᠡᠢ ᠥᠷᠲᠡᠭ 14.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号