ᠠᠯᠠᠱᠠ ᠠᠶᠢᠮᠠᠭ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ︽ᠤᠰᠤᠨ ᠤ ᠶᠠᠪᠤᠳᠠᠯ + ᠭᠡᠷᠡᠯᠴᠢ ᠴᠡᠨᠡᠭ︾ ᠤᠨ ᠵᠠᠭᠪᠤᠷ ᠢᠶᠠᠷ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠯ᠎ᠠ
ᠨᠡᠶᠢᠲᠡᠯᠡᠭᠰᠡᠨ ᠴᠠᠭ᠄
2024/10/29
    ᠨᠠᠮᠤᠷ ᠤᠨ ᠰᠡᠭᠦᠯᠴᠢ ᠪᠠᠷ᠂ ᠠᠯᠠᠱᠠ ᠠᠶᠢᠮᠠᠭ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭᠵᠢᠭᠦᠯᠦᠭᠰᠡᠨ ᠪᠠᠶᠠᠨᠬᠤᠲᠠ ᠵᠢᠴᠢ ᠵᠠᠮ ᠳᠠᠭᠠᠤ ᠶᠢᠨ ᠰᠤᠮᠤ ᠪᠠᠯᠭᠠᠰᠤ ᠶᠢᠨ ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠤᠨ 4 ᠰᠠᠶ᠎ᠠ ᠸᠠᠲ ᠤᠨ ᠳᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠲᠣᠭᠤᠷᠢᠭ ᠲᠤ᠂ ᠬᠡᠰᠡᠭ ᠬᠡᠰᠡᠭ ᠬᠡᠷᠡᠯᠴᠢ ᠴᠡᠨᠡᠭ ᠤᠨ ᠬᠠᠪᠲᠠᠰᠤ ᠨᠡᠷᠡᠨ ᠤ ᠭᠡᠷᠡᠯ ᠳᠣᠣᠷ᠎ᠠ ᠬᠢᠯᠠᠯᠵᠠᠨ᠎ᠠ᠃    2021 ᠣᠨ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠨᠡᠶᠢᠲᠡᠯᠡᠵᠦ᠂ ᠨᠥᠬᠦᠴᠡᠯ ᠪᠦᠷᠢᠳᠦᠭᠰᠡᠨ ᠤᠰᠤ ᠬᠠᠩᠭᠠᠬᠤ ᠰᠢᠢᠳᠪᠦᠷᠢᠯᠡᠬᠦ ᠠᠵᠤ ᠠᠬᠤᠶᠢᠯᠠᠯ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠨᠠᠮᠤᠭ ᠤᠨ ᠬᠡᠢ ᠪᠠᠷ ᠴᠠᠬᠢᠯᠭᠠᠨ ᠭᠠᠷᠭᠠᠬᠤ᠂ ᠲᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠶᠢ ᠬᠥᠭᠵᠢᠭᠦᠯᠵᠤ᠂ ᠣᠷᠣᠨ ᠪᠦᠰᠡ ᠶᠢᠨ ᠢᠯᠴᠢ ᠴᠠᠬᠢᠯᠭᠠᠨ ᠢ ᠬᠠᠮᠳᠤᠷᠠᠭᠤᠯᠤᠨ ᠬᠠᠩᠭᠠᠬᠤ ᠮᠡᠷᠭᠡᠵᠢᠯ ᠢ ᠳᠡᠯᠬᠡᠷᠡᠬᠦᠯᠬᠦ ᠶᠢ ᠵᠤᠷᠢᠭᠵᠢᠭᠤᠯᠪᠠ᠃    ︽ᠤᠰᠤᠨ ᠤ ᠦᠢᠯᠡᠳᠪᠦᠷᠢ ᠶᠢᠨ ᠡᠵᠡᠯᠡᠬᠦ ᠲᠠᠯᠠᠪᠠᠶ ᠨᠢ ᠶᠡᠭᠡ᠂ ᠣᠷᠣᠨ ᠵᠠᠢ ᠨᠢ ᠥᠷᠭᠡᠨ ᠠᠭᠤᠳᠠᠮ ᠪᠣᠯᠬᠤᠷ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠨᠢ ᠣᠯᠠᠨ ᠠᠴᠠ ᠣᠨᠴᠠᠭᠠᠶ ᠳᠠᠪᠠᠭᠤᠯᠢᠭ ᠲᠠᠯ᠎ᠠ ᠲᠠᠢ ᠶᠤᠮ᠃ ᠤᠰᠤᠨ ᠤ ᠦᠢᠯᠡᠳᠪᠦᠷᠢ ᠡᠳᠦᠷ ᠪᠦᠷᠢ 3.5 ᠲᠦᠮᠡᠨ ᠲᠣᠨ ᠲᠦᠭᠡᠭᠡᠯ ᠤᠰᠤ ᠦᠢᠯᠡᠳᠪᠦᠷᠢᠯᠡᠵᠦ ᠪᠤᠢ᠂ ᠡᠶᠢᠮᠦ ᠶᠡᠭᠡ ᠤᠰᠤᠨ ᠤ ᠬᠡᠮᠵᠢᠶ᠎ᠡ ᠨᠢ ᠮᠥᠨ ᠴᠦ ᠯᠤᠲᠤ ᠶᠡᠭᠡ ᠴᠠᠬᠢᠯᠭᠠᠨ ᠤ ᠬᠤᠷᠣᠭᠳᠠᠯ ᠢ ᠬᠠᠷᠠᠭᠤᠯᠵᠤ ᠪᠠᠶᠢᠳᠠᠭ᠃ ︿ᠤᠰᠤᠨ ᠤ ᠶᠠᠪᠤᠳᠠᠯ + ᠭᠡᠷᠡᠯᠴᠢ ᠴᠡᠨᠡᠭ﹀ ᠤᠨ ᠵᠠᠭᠪᠤᠷ ᠨᠢ ᠤᠰᠤᠨ ᠤ ᠦᠢᠯᠡᠳᠪᠦᠷᠢ ᠶᠢᠨ ᠣᠷᠣᠨ ᠵᠠᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠰᠤᠨ ᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠤᠨ᠂ ᠤᠰᠤᠨ ᠤ ᠦᠢᠯᠡᠳᠪᠦᠷᠢ ᠪᠠ ᠤᠰᠦ ᠴᠡᠪᠡᠷᠰᠢᠭᠦᠯᠬᠦ ᠦᠢᠯᠡᠳᠪᠦᠷᠢ ᠶᠢᠨ ᠡᠨᠧᠷᠭᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ ᠴᠢᠳᠠᠨ᠎ᠠ︾ ᠬᠡᠵᠦ ᠠᠯᠠᠱᠠ ᠠᠶᠢᠮᠠᠭ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠰᠢᠶᠧ ᠸᠧᠢ ᠷᠧᠨ ᠬᠡᠯᠡᠪᠡ᠃    ᠲᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠭᠡᠳᠡᠭ ᠨᠢ ᠬᠡᠷᠡᠭᠯᠡᠭᠴᠢ ᠶᠢᠨ ᠲᠠᠯᠠᠪᠤᠷ ᠤᠨ ᠣᠶᠢᠷᠠᠯᠴᠠᠭ᠎ᠠ ᠪᠠᠶᠢᠭᠤᠯᠤᠭᠰᠠᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠳᠦᠬᠦᠬᠡᠷᠦᠮᠵᠢ ᠶᠢ ᠵᠢᠭᠠᠵᠤ ᠪᠣᠶ᠂ ᠬᠡᠷᠡᠭᠯᠡᠭᠴᠢ ᠶᠢᠨ ᠦᠪᠡᠷ ᠲᠡᠭᠡᠨ ᠬᠡᠷᠡᠭᠯᠡᠬᠦ ᠪᠠ ᠢᠯᠡᠭᠦᠴᠡ ᠴᠠᠬᠢᠯᠭᠠᠨ ᠤ ᠬᠡᠮᠵᠢᠶ᠎ᠡ ᠶᠢ ᠰᠦᠯᠵᠢᠶᠡᠨ ᠳᠤ ᠭᠠᠷᠭᠠᠬᠤ ᠶᠢ ᠵᠢᠭᠠᠵᠤ ᠪᠣᠶ᠃ ᠪᠠᠶᠠᠨᠬᠤᠲᠠ ᠵᠢᠴᠢ ᠵᠠᠮ ᠳᠠᠭᠠᠤ ᠶᠢᠨ ᠰᠤᠮᠤ ᠪᠠᠯᠭᠠᠰᠤ ᠶᠢᠨ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ 4 ᠰᠠᠶ᠎ᠠ ᠸᠠᠲ ᠤᠨ ᠳᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1792 ᠲᠦᠮᠡᠨ ᠲᠥᠭᠦᠷᠢᠭ᠂ ᠡᠨᠡ ᠵᠢᠯ ᠤᠨ 6 ᠰᠠᠷ᠎ᠠ ᠳᠤ ᠠᠵᠢᠯ ᠢᠶᠠᠨ ᠳᠠᠭᠤᠰᠬᠠᠵᠡᠢ᠃ ᠲᠥᠷᠥᠯ ᠵᠦᠢᠯ ᠨᠢ ᠵᠢᠯ ᠪᠦᠷᠢ 540 ᠲᠦᠮᠡᠨ ᠭᠷᠡᠳᠦ᠋ᠰ ᠤᠨ ᠪᠤᠬᠢᠷᠳᠤᠯ ᠦᠬᠡᠢ ᠴᠠᠬᠢᠯᠭᠠᠨ ᠭᠠᠷᠭᠠᠵᠦ᠂ ᠪᠠᠷᠢᠮᠵᠢᠶᠠᠲᠤ ᠨᠡᠭᠦᠷᠡᠰᠦ ᠶᠢ 1647.56 ᠲᠣᠨ ᠠᠷᠪᠢᠯᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ ᠪᠠᠷᠤᠭ 4066.32 ᠲᠣᠨ ᠪᠠᠭᠠᠰᠬᠠᠵᠤ᠂ ᠠᠽᠣᠲ ᠤᠨ ᠢᠰᠦᠮᠡᠭ ᠭᠠᠳᠠᠭᠰᠢᠯᠠᠭᠤᠯᠬᠤ ᠬᠡᠮᠵᠢᠶ᠎ᠡ ᠶᠢ ᠪᠠᠷᠤᠭ 59.32 ᠲᠣᠨ ᠪᠠᠭᠠᠰᠬᠠᠨ᠂ ᠬᠦᠬᠦᠷ ᠤᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ ᠪᠠᠷᠤᠭ 124.04 ᠲᠣᠨ ᠪᠠᠭᠠᠰᠬᠠᠵᠤ᠂ ᠨᠡᠭᠦᠷᠡᠰᠦᠲᠥ᠋ᠷᠥᠭᠴᠢ ᠶᠢᠨ ᠨᠤᠨᠳᠠᠭ ᠲᠣᠭᠤᠰᠣ ᠶᠢ ᠪᠠᠷᠤᠭ 1110.96 ᠲᠣᠨ ᠪᠠᠭᠠᠰᠬᠠᠬᠤ ᠪᠣᠯᠣᠨ᠎ᠠ᠃ ᠴᠠᠬᠢᠯᠭᠠᠨ ᠭᠠᠷᠭᠠᠬᠤ ᠬᠡᠮᠵᠢᠶ᠎ᠡ ᠶᠢ ᠨᠡᠮᠡᠭᠳᠡᠭᠦᠯᠬᠦ ᠶᠢᠨ ᠵᠡᠷᠭᠡᠴᠡᠭᠡᠪᠡᠷ ᠲᠤᠬᠠᠢ ᠶᠢᠨ ᠭᠠᠵᠠᠷ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠳᠤ ᠨᠥᠯᠥᠭᠡ ᠦᠬᠡᠢ᠃    ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠳᠣᠣᠷ᠎ᠠ᠂ ︽ᠤᠰᠤᠨ ᠤ ᠶᠠᠪᠤᠳᠠᠯ + ᠭᠡᠷᠡᠯᠴᠢ ᠴᠡᠨᠡᠭ︾ ᠤᠨ ᠵᠠᠭᠪᠤᠷ ᠨᠢ ᠪᠣᠬᠢᠷᠲᠤᠯ ᠦᠭᠡᠢ ᠬᠥᠭᠵᠢᠯᠲᠡ ᠳᠤ ᠰᠢᠨ᠎ᠡ ᠦᠯᠢᠭᠡᠷ ᠬᠡᠪ ᠢ ᠬᠠᠩᠭᠠᠵᠠᠢ᠃ ︽ᠡᠨᠡ ᠬᠦ ᠳᠦᠷᠦᠯ ᠵᠦᠢᠯ ᠢ ᠬᠡᠷᠡᠭᠵᠢᠭᠦᠯᠦᠭᠰᠡᠨ ᠨᠢ ᠤᠰᠤ ᠬᠠᠩᠭᠠᠬᠤ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠬᠥᠭᠡᠷᠭᠡ ᠶᠢᠨ ᠥᠷᠲᠡᠭᠡᠨ ᠳᠤ ᠴᠡᠪᠡᠷ ᠡᠨᠧᠷᠭᠢ ᠶᠢ ᠥᠪᠡᠷ ᠢᠶᠠᠨ ᠬᠠᠩᠭᠠᠬᠤ ᠶᠢ ᠪᠡᠶᠡᠯᠡᠬᠦᠯᠦᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠭᠰᠠᠨ ᠪᠥᠭᠡᠳ ᠬᠥᠭᠡᠷᠭᠡ ᠶᠢᠨ ᠥᠷᠲᠡᠭᠡᠨ ᠤ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠤᠰᠤ ᠬᠠᠩᠭᠠᠬᠤ ᠬᠥᠭᠡᠷᠭᠡ ᠶᠢᠨ ᠥᠷᠲᠡᠭᠡᠨ ᠤ ᠣᠶᠤᠨᠴᠢᠯᠠᠬᠤ ᠪᠠ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠭᠰᠠᠨ ᠪᠠᠶᠢᠨ᠎ᠠ︾ ᠭᠡᠵᠦ ᠰᠢᠶᠧ ᠸᠧᠢ ᠷᠧᠨ ᠶᠠᠷᠢᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号