ᠡᠨᠡ ᠵᠢᠯ᠂ ᠠᠯᠠᠱᠠ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠶᠠᠮᠠᠷ | ᠶᠠᠮᠠᠷ ᠠᠮᠵᠢᠯᠲᠠ ᠣᠯᠤᠭᠰᠠᠨ ᠪᠣᠶ︖ ᠡᠨᠡ ᠠᠵᠢᠯ ᠢ ᠨᠡᠩ ᠰᠠᠶᠢᠨ ᠠᠬᠢᠭᠤᠯᠬᠤ ᠶᠢᠨ ᠲᠥᠯᠥᠭᠡ᠂ ᠶᠠᠮᠠᠷ ᠶᠠᠮᠠᠷ | ᠠᠷᠭ᠎ᠠ ᠬᠡᠮᠵᠢᠶ᠎ᠡ ᠠᠪᠤᠭᠰᠠᠨ ᠪᠤᠢ︖ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠠᠯᠠᠭᠠᠨ ᠳᠠᠷᠤᠭ᠎ᠠ ᠵᠠᠩ ᠮᠢᠨ ᠡᠨᠡ ᠳᠣᠬᠠᠢ ᠶᠠᠷᠢᠯᠴᠠᠯᠭ᠎ᠠ | ᠦᠭᠪᠡ᠃ | ᠰᠣᠷᠪᠣᠯᠵᠢᠯᠠᠭᠴᠢ᠄ ᠡᠨᠡ ᠵᠢᠯ᠂ ᠠᠯᠠᠱᠠ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠠᠵᠢᠯ ᠶᠠᠮᠠᠷ ᠶᠠᠮᠠᠷ ᠠᠮᠵᠢᠯᠲᠠ ᠣᠯᠤᠭᠰᠠᠨ ᠪᠣᠶ︖ | ᠵᠠᠩ ᠮᠢᠨ᠄ 9 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠠᠶᠢᠮᠠᠭ ᠤᠨ ᠡᠯ᠎ᠡ ᠲᠤᠰᠬᠠᠶ ᠠᠰᠢᠭ ᠤᠨ ᠶᠡᠷᠦᠩᠬᠡᠶ | ᠬᠡᠮᠵᠢᠶ᠎ᠡ 2754 ᠬᠤᠪᠢ ᠪᠠᠶᠢᠵᠤ᠂ ᠡᠭᠦᠨ ᠳᠤ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ 175 | ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.58% ᠪᠠᠷ ᠨᠡᠮᠡᠭᠳᠡᠪᠡ᠃ ᠲᠦᠮᠡᠨ ᠬᠥᠮᠦᠨ ᠳᠤ | ᠪᠠᠶᠢᠬᠤ ᠥᠨᠳᠥᠷ ᠥᠷᠲᠡᠭᠲᠦ ᠲᠤᠰᠬᠠᠶ ᠠᠰᠢᠭ ᠤᠨ ᠬᠡᠮᠵᠢᠶ᠎ᠡ 1.5 ᠬᠤᠪᠢ ᠳᠤ ᠬᠦᠷᠴᠦ᠂ ᠥᠪᠡᠷᠲᠡᠭᠡᠨ ᠵᠠᠰᠠᠬᠤ | ᠣᠷᠣᠨ ᠤ ᠳᠥᠷᠪᠡᠳᠦᠭᠡᠷ ᠲᠤ ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠬᠢ ᠠᠴᠠ 48.1% ᠪᠠᠷ ᠨᠡᠮᠡᠭᠳᠡᠨ᠂ | ᠨᠡᠮᠡᠭᠳᠡᠯ ᠤᠨ ᠬᠡᠮᠵᠢᠶ᠎ᠡ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ᠃ ᠲᠠᠸᠠᠷ ᠤᠨ ᠲᠡᠮᠳᠡᠭᠲᠦ ᠶᠢᠨ | ᠬᠦᠴᠦᠨ ᠪᠥᠬᠦᠶ ᠳᠠᠩᠰᠠᠯᠠᠭᠤᠯᠤᠭᠰᠠᠨ ᠬᠡᠮᠵᠢᠶ᠎ᠡ 5805 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 15.9% ᠪᠠᠷ ᠨᠡᠮᠡᠭᠳᠡᠪᠡ᠃ ᠪᠥᠬᠦ ᠠᠶᠢᠮᠠᠭ ᠲᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠳᠠᠪᠠᠭᠤᠯᠢᠭ ᠠᠵᠤ ᠠᠬᠤᠶᠢᠯᠠᠯ 3᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ 3᠂ ᠳᠤᠮᠳᠠᠳᠤ ᠤᠯᠤᠰ ᠤᠨ ᠨᠠᠷᠠᠲᠤ ᠲᠠᠸᠠᠷ ᠤᠨ ᠲᠡᠮᠳᠡᠭ 1᠂ | ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ 8᠂ ᠮᠠᠳ᠋ᠷᠢᠳ᠋ ᠤᠨ ᠣᠯᠠᠨ ᠤᠯᠤᠰ ᠤᠨ | ᠳᠠᠩᠰᠠᠯᠠᠭᠤᠯᠤᠭᠰᠠᠨ ᠲᠠᠸᠠᠷ ᠤᠨ ᠲᠡᠮᠳᠡᠭ 18᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ | ᠳᠠᠨᠵᠢᠯᠠᠵᠤ ᠳᠣᠬᠢᠷᠠᠭᠤᠯᠣᠭᠰᠠᠨ ᠪᠠᠯᠠ 8912.4 ᠲᠦᠮᠡᠨ ᠲᠥᠭᠦᠷᠢᠭ ᠬᠦᠷᠴᠦ᠂ 9 ᠳᠤᠮᠳᠠ ᠵᠢᠵᠢᠭ ᠠᠵᠤ | ᠠᠬᠤᠶᠢᠯᠠᠯ ᠳᠤ ᠠᠰᠢᠭ ᠬᠦᠷᠲᠡᠭᠡᠪᠡ᠃ | ᠰᠣᠷᠪᠣᠯᠵᠢᠯᠠᠭᠴᠢ᠄ ᠮᠠᠨ ᠤ ᠠᠶᠢᠮᠠᠭ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ | ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠵᠠᠩ ᠮᠢᠨ᠄ 2024 ᠣᠨ ᠳᠤ᠂ ᠪᠢᠳᠡ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ | ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ ︵2021— 2035 ᠣᠨ︶︾ | ᠶᠢ ᠢᠳᠡᠪᠬᠢᠲᠡᠶ ᠤᠬᠠᠭᠤᠯᠤᠨ ᠳᠣᠣᠱᠯᠠᠭᠤᠯᠵᠦ᠂ ᠰᠢᠨ᠎ᠡ ᠪᠠᠶᠢᠳᠠᠯ ᠳᠣᠤᠷ᠎ᠠ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠴᠢᠩᠭᠠᠳᠬᠠᠬᠤ ᠬᠦᠴᠦᠯᠡᠬᠦ ᠴᠡᠭ ᠢ ᠣᠨᠣᠪᠴᠢᠲᠠᠶ ᠡᠵᠡᠮᠳᠡᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠢᠯᠡᠳᠲᠡ ᠴᠢᠩᠭᠠᠷᠠᠪᠠ᠃ | ︽ᠠᠯᠠᠱᠠ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠭᠦᠳᠦᠯᠲᠡ ᠶᠢᠨ ᠲᠤᠰᠬᠠᠶ ᠠᠰᠢᠭ ᠤᠨ ᠳᠤᠭ᠎ᠠ ᠶᠢ ᠨᠡᠮᠡᠭᠳᠡᠬᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ | ᠨᠡᠶᠢᠲᠡᠯᠡᠵᠦ᠂ ᠮᠠᠨ ᠤ ᠠᠶᠢᠮᠠᠭ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠭᠦᠳᠦᠯᠲᠡ ᠶᠢᠨ ᠲᠤᠰᠬᠠᠶ ᠠᠰᠢᠭ ᠢ | ᠡᠭᠦᠳᠬᠦ ᠴᠢᠳᠠᠪᠤᠷᠢ ᠬᠦᠷᠦᠯᠴᠡᠬᠦ ᠥᠬᠡᠶ ᠪᠠᠶᠢᠬᠤ᠂ ᠡᠭᠦᠳᠦᠯᠲᠡ ᠶᠢᠨ ᠲᠤᠰᠬᠠᠶ ᠠᠰᠢᠭ ᠤᠨ ᠲᠤᠭ᠎ᠠ ᠴᠦᠭᠡᠨ | ᠪᠠᠶᠢᠬᠤ ᠳᠤᠲᠠᠭᠤᠳᠠᠯ ᠢ ᠨᠥᠬᠦᠪᠥᠷᠢᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠠᠶᠢᠮᠠᠭ ᠢᠶᠠᠨ | ᠬᠦᠴᠦᠷᠭᠡᠭᠵᠢᠬᠦᠯᠬᠦ ᠪᠠᠶᠢᠭᠤᠯᠤᠯᠲᠠ ᠶᠢ ᠠᠬᠢᠭᠤᠯᠪᠠ᠃ ᠡᠭᠦᠨ ᠤ ᠬᠠᠮᠲᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠪᠠᠷ ᠠᠶᠢᠮᠠᠭ ᠢᠶᠠᠨ ᠬᠦᠴᠦᠷᠬᠡᠭᠵᠢᠭᠦᠯᠬᠦ ᠭᠤᠤᠯᠳᠠᠯᠭ᠎ᠠ ᠲᠠᠢ ᠡᠭᠦᠷᠭᠡ ᠪᠠ ᠪᠣᠳᠠᠲᠠᠶ ᠠᠷᠭ᠎ᠠ | ᠬᠡᠮᠵᠢᠶ᠎ᠡ ᠶᠢ ᠪᠠᠶᠢᠷᠢᠯᠠᠭᠤᠯᠵᠤ᠂ ᠪᠥᠬᠦ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠦᠢᠯᠡᠰ ᠤᠨ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠪᠠ᠃ | | | | | | | | | | | | | | | | ᠡᠨᠡ ᠵᠢᠯ᠂ ᠮᠠᠨ ᠤ ᠠᠶᠢᠮᠠᠭ ᠥᠪᠡᠷᠲᠡᠭᠡᠨ ᠵᠠᠰᠠᠬᠤ ᠣᠷᠣᠨ ᠤ ᠲᠠᠰ ᠤᠨ ᠡᠯ᠎ᠡ ᠲᠥᠷᠥᠯ ᠵᠦᠢᠯ ᠢ ᠤᠯᠬᠤ ᠪᠠᠷ | ᠢᠳᠡᠪᠬᠢᠲᠡᠶ ᠴᠢᠷᠮᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥᠯ ᠵᠦᠢᠯ ᠤᠨ ᠪᠠᠯᠠ | ᠮᠥᠩᠭᠦ ᠶᠢ ᠨᠡᠶᠢᠲᠡ 130 ᠲᠦᠮᠡᠨ ᠲᠥᠭᠦᠷᠢᠭ ᠤᠯᠪᠠ᠃ ᠡᠭᠦᠨ ᠳᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ | ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠠᠵᠤ ᠠᠬᠤᠶᠢᠯᠠᠯ ᠥᠪᠥᠷ ᠮᠣᠩᠭᠤᠯ ᠤᠨ ᠰᠢᠩ ᠬᠠᠨ ᠰᠢᠨ᠎ᠡ | ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠥᠪᠡᠷᠲᠡᠭᠡᠨ ᠵᠠᠰᠠᠬᠤ ᠣᠷᠣᠨ ᠤ ᠥᠨᠳᠥᠷ ᠥᠷᠲᠡᠭᠲᠦ ᠲᠤᠰᠬᠠᠶ ᠠᠰᠢᠭ ᠢ | ᠪᠤᠶᠢᠵᠢᠭᠤᠯᠬᠤ ᠲᠥᠪ ᠢᠶᠠᠷ ᠦᠨᠡᠯᠡᠭᠳᠡᠪᠡ︔ ᠠᠯᠠᠱᠠ ᠠᠶᠢᠮᠠᠭ ᠤᠨ ᠲᠠᠸᠠᠷ ᠤᠨ ᠨᠡᠷᠡᠲᠦ ᠲᠡᠮᠳᠡᠭᠲᠦ ᠶᠢᠨ | ᠵᠢᠯᠣᠭᠤᠳᠬᠤ ᠥᠷᠲᠡᠭᠡ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠸᠠᠷ ᠤᠨ ᠨᠡᠷᠡᠲᠦ ᠲᠡᠮᠳᠡᠭᠲᠦ ᠶᠢᠨ | ᠵᠢᠯᠣᠭᠤᠳᠬᠤ ᠥᠷᠲᠡᠭᠡ ᠪᠠᠷ ᠵᠦᠪᠰᠢᠶᠡᠷᠡᠭᠳᠡᠪᠡ︔ ᠠᠯᠠᠱᠠ ᠴᠠᠭᠠᠨ ᠭᠤᠶᠣᠣ᠂ ᠠᠯᠠᠱᠠ ᠪᠠᠷᠠᠭᠤᠨ ᠬᠤᠰᠢᠭᠤᠨ ᠤ | ᠢᠩᠭᠡᠨ ᠰᠦ ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠲᠡᠮᠳᠡᠭ ᠤᠨ ᠬᠡᠷᠡᠭᠯᠡᠯᠲᠡ ᠶᠢ ᠠᠬᠢᠭᠤᠯᠬᠤ | ᠲᠥᠷᠥᠯ ᠵᠦᠢᠯ ᠢᠶᠠᠷ ᠵᠥᠪᠰᠢᠶᠡᠷᠡᠭᠳᠡᠪᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ | ᠠᠵᠢᠯ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ | ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ︽ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ︾ ᠠᠵᠢᠯᠯᠠᠭ᠎ᠠ ᠶᠢ | ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠤᠷᠭᠠᠭᠤᠯᠢ ᠶᠢᠨ ᠬᠦᠷᠢᠶ᠎ᠡ᠂ ᠠᠵᠤ | ᠠᠬᠤᠶᠢᠯᠠᠯ᠂ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ | ᠠᠶᠢᠮᠠᠭ ᠲᠤ 70 ᠭᠠᠷᠤᠶ ᠲᠠᠯᠠᠪᠠᠶ ᠤᠬᠠᠭᠤᠯᠭ᠎ᠠ ᠪᠣᠯᠪᠠᠰᠤᠷᠠᠯ ᠡᠷᠭᠢᠯᠡᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ | ᠭᠤᠤᠯ ᠴᠣᠭᠴᠠ ᠳᠤ 150 ᠡᠷᠦᠬᠡ ᠠᠴᠠ ᠳᠡᠭᠡᠭᠰᠢ ᠦᠢᠯᠡᠴᠢᠯᠡᠪᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠷ ᠳᠠᠨᠵᠢᠯᠠᠵᠤ ᠪᠠᠯᠠ ᠲᠣᠬᠢᠷᠠᠭᠤᠯᠵᠤ ᠬᠦᠷᠢᠶᠡᠯᠡᠩ ᠳᠤ ᠣᠷᠣᠭᠤᠯᠬᠤ ᠠᠵᠤ ᠠᠬᠤᠶᠢᠯᠠᠯ ᠳᠤ ᠠᠰᠢᠭ | ᠬᠦᠷᠲᠡᠭᠡᠬᠦ ᠠᠵᠢᠯ ᠢ ᠭᠦᠨᠵᠡᠭᠡᠶ ᠥᠷᠨᠢᠭᠦᠯᠵᠦ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ ᠶᠢᠨ ᠬᠥᠬᠡᠬᠤᠲᠠ ᠶᠢᠨ ᠲᠤᠰᠬᠠᠶ ᠠᠰᠢᠭ ᠤᠨ ᠣᠷᠣᠯᠠᠨ ᠭᠦᠢᠴᠡᠳᠭᠡᠬᠦ ᠭᠠᠵᠠᠷ᠂ ᠠᠶᠢᠮᠠᠭ ᠤᠨ | ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠤᠷᠢᠵᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ︽ᠵᠠᠰᠠᠭ ᠪᠠᠩᠬᠢ ᠠᠵᠤ | ᠠᠬᠤᠶᠢᠯᠠᠯ︾ ᠤᠨ ᠨᠡᠪᠲᠡᠷᠡᠯᠴᠡᠬᠦ ᠬᠤᠯᠪᠣᠭᠠᠰᠣ ᠶᠢ ᠪᠠᠶᠢᠭᠤᠯᠪᠠ᠃ | | | | | | | | | | | | | | | | | | | ᠲᠤᠰᠬᠠᠶ ᠠᠰᠢᠭ ᠢ ᠲᠦᠷᠭᠡᠨ ᠣᠷᠢᠳᠴᠢᠯᠠᠨ ᠬᠢᠨᠠᠬᠤ ᠠᠵᠢᠯ ᠢ ᠢᠳᠡᠪᠬᠢᠲᠡᠶ ᠠᠬᠢᠭᠤᠯᠵᠤ᠂ ᠥᠪᠡᠷᠲᠡᠭᠡᠨ | ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠢ ᠤᠷᠢᠵᠤ ᠨᠢᠭᠤᠷᠳᠠᠨ ᠪᠣᠯᠪᠠᠰᠤᠷᠠᠯ ᠬᠢᠯᠭᠡᠪᠡ᠃ 9 ᠰᠠᠷ᠎ᠠ ᠶᠢᠨ | ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ ᠲᠤᠰᠬᠠᠶ ᠠᠰᠢᠭ ᠤᠨ ᠤᠷᠢᠳᠴᠢᠯᠠᠨ ᠬᠢᠨᠠᠬᠤ ᠦᠢᠯᠡᠴᠢᠯᠡᠬᠡᠨ ᠤ | ᠳᠠᠩᠰᠠᠯᠠᠭᠤᠯᠤᠭᠰᠠᠨ ᠭᠤᠤᠯ ᠴᠣᠭᠴᠠ 29 ᠪᠠᠶᠢᠵᠤ᠂ ᠨᠢᠭᠡᠨᠲᠡ 60 ᠬᠤᠪᠢ ᠡᠭᠦᠳᠦᠯᠲᠡ ᠶᠢᠨ ᠲᠤᠰᠬᠠᠶ ᠠᠰᠢᠭ | ᠲᠦᠷᠭᠡᠨ ᠢᠶᠠᠷ ᠤᠷᠢᠳᠴᠢᠯᠠᠨ ᠬᠢᠨᠠᠬᠤ ᠵᠠᠮ ᠳᠤ ᠤᠷᠤᠭᠰᠠᠨ ᠪᠥᠭᠡᠳ ᠡᠷᠬᠡ ᠣᠯᠭᠤᠭᠰᠠᠨ ᠪᠠᠶᠢᠨ᠎ᠠ᠃ | ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠥᠪ ᠲᠠᠢ | ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠵᠢᠯᠴᠠᠨ ᠬᠠᠮᠠᠭᠠᠯᠠᠬᠤ ᠬᠠᠮᠲᠤᠷᠠᠯᠴᠠᠭᠠᠨ ᠤ | ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ᠃ ︽2024 ᠣᠨ ᠳᠤ ᠪᠥᠬᠦ ᠠᠶᠢᠮᠠᠭ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠬᠤ ᠠᠵᠢᠯ ᠤᠨ ᠲᠥᠰᠦᠯ︾ ᠢ ᠳᠠᠷᠤᠮᠠᠯᠯᠠᠨ | ᠲᠠᠷᠬᠠᠭᠠᠵᠤ᠂ ᠠᠯᠢ ᠣᠯᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠢᠳᠡᠪᠬᠢᠲᠡᠶ ᠦᠷᠨᠢᠬᠦᠯᠪᠡ᠃ | |