ᠠᠯᠠᠱᠠ ᠠᠶᠢᠮᠠᠭ ᠤᠨ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠨᠥᠬᠦᠪᠥᠷᠢ ᠶᠢᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2024/10/30
    ︽2022 ᠣᠨ ᠳᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢᠨ ᠳᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 7 ᠳ᠋ᠤᠭᠠᠷ ᠲᠣᠭᠠᠲᠤ︶ ᠵᠢᠴᠢ ︽ᠮᠠᠯᠵᠢᠬᠤ ᠲᠠᠷᠢᠶᠠᠯᠠᠬᠤ ᠣᠷᠣᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ﹇2023﹈ 26 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠪᠥᠬᠦ ᠠᠶᠢᠮᠠᠭ ᠤᠨ    ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠶ ᠠᠬᠢᠭᠤᠯᠵᠤ᠂ ᠠᠵᠤ ᠠᠬᠤᠶᠢᠯᠠᠯ ᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶᠢᠭᠠᠳ ᠠᠵᠢᠯ ᠲᠥᠷᠥᠯ ᠤᠨ ᠠᠰᠢᠭᠳᠠᠢ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠳᠤ ᠨᠠᠩ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ᠂ ᠲᠣᠭᠲᠠᠭᠤᠨ ᠲᠦᠷᠭᠡᠨ ᠬᠦᠷᠭᠡᠯᠲᠡ ᠎ ᠶᠢᠨ ᠦᠢᠯᠡᠴᠢᠯᠡᠭᠡ ᠬᠠᠩᠭᠠᠬᠤ  ᠶᠢᠨ ᠳᠣᠰᠠᠳᠠ᠂ ᠲᠣᠰ ᠲᠥᠰᠦᠯ ᠎ ᠢ ᠲᠣᠭᠲᠠᠭᠠᠪᠠ᠃    ᠨᠢᠭᠡ᠂ ᠶᠡᠷᠦᠩᠬᠡᠢ ᠰᠡᠳᠬᠢᠴᠡ    ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠷᠠᠭᠤᠯᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠤᠳᠠᠭᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠵᠠᠷᠯᠠᠨ ᠮᠡᠳᠡᠭᠳᠡᠭᠰᠡᠨ ᠪᠣᠳᠠᠲᠠᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ᠂ ᠠᠵᠤ ᠠᠬᠤᠶᠢᠯᠠᠯ ᠤᠨ ᠦᠷᠭᠦᠯᠵᠢᠯᠡᠨ ᠡᠵᠡᠩᠨᠡᠬᠦ ᠵᠠᠷᠴᠢᠮ ᠢ ᠪᠠᠷᠢᠮᠲᠠᠯᠠᠨ᠂ ᠠᠯᠠᠱᠠ ᠠᠶᠢᠮᠠᠭ ᠤᠨ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠠᠵᠢᠯ ᠢ ᠢᠳᠡᠪᠬᠢᠲᠡᠶ ᠠᠬᠢᠭᠤᠯᠵᠤ᠂ ᠪᠥᠬᠦ ᠠᠶᠢᠮᠠᠭ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠣᠨ᠎ᠠ᠃    ᠬᠤᠶᠠᠷ᠂ ᠠᠵᠢᠯ ᠤᠨ ᠬᠠᠷᠠᠯᠲᠠ    ᠲᠣᠰ ᠤᠳᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠳᠤ ᠳᠣᠷᠠᠳᠣᠭᠰᠠᠨ ᠵᠦᠢᠯ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠷᠯᠠᠨ ᠮᠡᠳᠡᠭᠳᠡᠯ ᠳᠤ ᠳᠣᠰᠬᠠᠭᠰᠠᠨ ᠵᠦᠢᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ︽3N36︾ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠰᠢᠰᠲ᠋ᠧᠮ ᠤᠨ ᠰᠢᠢᠳᠪᠦᠷᠢᠯᠡᠬᠦ ᠲᠥᠰᠦᠯ ᠢ ᠨᠠᠶᠢᠳᠠᠪᠤᠷᠢᠵᠢᠭᠤᠯᠵᠤ᠂ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠬᠠᠮᠲᠤ ᠪᠠᠷ ᠳᠣᠭᠢᠷᠠᠭᠤᠯᠬᠤ ᠲᠥᠪ ᠢᠶᠠᠷ ᠭᠤᠤᠯ ᠪᠣᠯᠭᠠᠭᠰᠠᠨ᠂ ᠰᠢᠶᠠᠩ ᠪᠠᠯᠭᠠᠰᠤ ᠲᠣᠰᠬᠤᠨ ᠢ ᠬᠠᠮᠤᠷᠤᠭᠰᠠᠨ ᠰᠢᠶᠠᠨ ᠤ ᠬᠡᠪᠴᠢᠶᠡᠨ ᠤ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠲᠦᠷᠬᠡᠨ ᠪᠦᠷᠢᠯᠳᠦᠭᠦᠯᠦᠨ᠎ᠡ᠃ ᠲᠣᠰᠬᠤᠨ ᠤ ᠱᠠᠲᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠥᠷᠲᠡᠭᠡ ᠴᠡᠭ ᠲᠤ ᠲᠦᠰᠢᠭᠯᠡᠨ᠂ ᠲᠦᠷᠭᠡᠨ ᠬᠦᠷᠭᠡᠯᠳᠡ ᠶᠢᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠳᠤ ᠬᠦᠨᠵᠡᠭᠡᠶᠢᠷᠡᠬᠦᠯᠬᠦ ᠶᠢ ᠠᠬᠢᠭᠤᠯᠵᠤ᠂ ᠴᠢᠯᠦᠭᠡᠲᠡᠢ ᠪᠦᠭᠡᠳ ᠠᠷᠠᠳ ᠲᠤ ᠠᠰᠢᠭ ᠬᠦᠷᠲᠡᠭᠡᠬᠦ᠂ ᠡᠷᠴᠢᠮᠵᠢᠭᠦᠯᠦᠨ ᠬᠠᠮᠲᠤ ᠳᠠᠭᠠᠨ ᠬᠦᠷᠲᠡᠬᠦ᠂ ᠠᠮᠤᠷ ᠲᠦᠪᠰᠢᠨ ᠪᠦᠭᠡᠳ ᠥᠨᠳᠥᠷ ᠪᠦᠲᠦᠮᠵᠢᠲᠡᠢ᠂ ᠬᠤᠣᠰ ᠴᠢᠭᠯᠡᠯ ᠢᠶᠠᠷ ᠰᠠᠭᠠᠳ ᠦᠭᠡᠢ ᠨᠡᠪᠲᠡᠷᠡᠬᠦ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠣᠢ ᠪᠣᠯᠭᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠪᠠ ᠢᠯᠡᠭᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠵᠤ᠂ ᠬᠤᠲᠠ ᠬᠦᠳᠡᠭᠡ ᠶᠢᠨ ᠬᠤᠣᠰ ᠴᠢᠭᠯᠡᠯᠲᠦ ᠪᠠᠷᠠᠭᠠᠨ ᠤ ᠭᠦᠢᠯᠭᠡᠭᠡ ᠶᠢᠨ ᠪᠦᠲᠦᠴᠡ ᠶᠢ ᠰᠢᠯᠢᠳᠡᠭᠵᠢᠭᠦᠯᠬᠦ ᠳᠤ ᠬᠦᠴᠦ ᠨᠡᠮᠡᠷᠢᠯᠡᠵᠦ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠬᠥᠭᠵᠢᠭᠡᠨ᠎ᠡ᠃    ᠭᠤᠷᠪᠠ᠂ ᠡᠭᠦᠷᠭᠡ ᠶᠢᠨ ᠬᠤᠪᠢᠶᠠᠷᠢᠯᠠᠯ    ︵ᠨᠢᠭᠡ︶ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ᠃ ︽ᠮᠠᠯᠵᠢᠬᠤ ᠲᠠᠷᠢᠶᠠᠯᠠᠬᠤ ᠣᠷᠣᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ﹇2023﹈ 26 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2022 ᠣᠨ— 2024 ᠣᠨ ᠳᠤ ᠪᠥᠬᠦ ᠠᠶᠢᠮᠠᠭ ᠤᠨ ᠬᠡᠪᠴᠢᠶᠡᠨ ᠳᠤ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠵᠦ ᠪᠠᠶᠢᠭ᠎ᠠ ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠳᠤ 2022 ᠣᠨ ᠳᠤ 50 ᠲᠦᠮᠡᠨ ᠲᠥᠭᠦᠷᠢᠭ ᠤᠨ ᠨᠥᠬᠦᠪᠥᠷᠢ ᠥᠭᠴᠦ᠂ 2023 — 2024 ᠣᠨ ᠳᠤ ᠵᠢᠯ ᠪᠦᠷᠢ 10%᠎ ᠪᠠᠷ ᠨᠡᠮᠡᠭᠳᠡᠭᠦᠯᠬᠦ ᠪᠠᠷᠢᠮᠵᠢᠶ᠎ᠠ ᠶᠣᠰᠣᠭᠠᠷ᠂ ᠪᠠᠯᠠ ᠮᠥᠩᠭᠦ ᠶᠢᠨ ᠨᠥᠬᠦᠪᠥᠷᠢ ᠣᠯᠭᠤᠨ᠎ᠠ᠃    ︵ᠬᠤᠶᠠᠷ︶ ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠤᠪᠴᠢᠶ᠎ᠠ᠃ ᠭᠤᠷᠪᠠᠳᠠᠬᠢ ᠡᠲᠡᠭᠡᠳ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠢᠨᠠᠨ ᠬᠠᠷᠭᠤᠭᠤᠯᠵᠤ ᠪᠠᠲᠤᠯᠠᠭᠰᠠᠨ ︽︿ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ﹀ ᠪᠠᠯᠠ ᠮᠥᠩᠭᠦ ᠶᠢᠨ ᠨᠥᠬᠦᠪᠥᠷᠢ ᠶᠢ ᠭᠤᠶᠤᠴᠢᠯᠠᠨ ᠮᠡᠳᠡᠭᠦᠯᠬᠦ ᠬᠦᠰᠦᠨᠦᠭᠲᠦ︾ ᠪᠠ ᠬᠠᠮᠢᠶ᠎ᠠ ᠪᠥᠬᠦᠶ ᠭᠡᠷᠡᠴᠢᠯᠡᠬᠦ ᠴᠢᠨᠠᠷᠲᠠᠶ ᠮᠠᠲ᠋ᠧᠷᠢᠶᠠᠯ ᠢ ᠬᠠᠷᠭᠤᠭᠤᠯᠣᠨ᠎ᠠ︔ ᠪᠥᠬᠦ ᠠᠶᠢᠮᠠᠭ ᠤᠨ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠨᠥᠬᠦᠪᠥᠷᠢ ᠶᠢᠨ ᠪᠠᠯᠠ ᠮᠥᠩᠭᠦ ᠶᠢ ᠥᠭᠴᠦ᠂ ᠬᠠᠮᠢᠶᠠᠷᠬᠤ ᠶᠢᠨ ᠬᠠᠮᠲᠤ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠨᠡᠶᠢᠲᠡᠯᠢᠭ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ᠎ᠡ᠃    ︵ᠭᠤᠷᠪᠠ︶ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠦᠷᠦᠯ ᠵᠦᠢᠯ ᠢ ᠬᠡᠷᠡᠭᠵᠢᠭᠦᠯᠬᠦ ᠠᠵᠤ ᠠᠬᠤᠶᠢᠯᠠᠯ᠃ ᠱᠠᠭᠠᠷᠳᠠᠯᠭ᠎ᠠ ᠶᠣᠰᠣᠭᠠᠷ ︽︿ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ﹀ ᠪᠠᠯᠠ ᠮᠥᠩᠭᠦ ᠶᠢᠨ ᠨᠥᠬᠦᠪᠥᠷᠢ ᠶᠢ ᠭᠤᠶᠣᠴᠢᠯᠠᠨ ᠮᠡᠳᠡᠭᠦᠯᠬᠦ ᠬᠦᠰᠦᠨᠦᠭᠲᠦ︾᠎ ᠶᠢ ᠲᠠᠭᠯᠠᠨ ᠮᠡᠳᠡᠭᠦᠯᠵᠦ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢᠨ ᠭᠡᠷᠡᠴᠢᠯᠡᠬᠦ ᠴᠢᠨᠠᠷᠲᠠᠶ ᠮᠠᠲ᠋ᠧᠷᠢᠶᠠᠯ ᠢ ᠦᠨᠡᠨ ᠪᠣᠳᠠᠲᠠᠶ ᠪᠠᠷ ᠬᠠᠩᠭᠠᠨ᠎ᠠ᠃    ︵ᠳᠥᠷᠪᠡ︶ ᠡᠯ᠎ᠡ ᠬᠤᠰᠢᠭᠤ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠃ ᠬᠠᠷᠢᠶ᠎ᠠ ᠣᠷᠣᠨ ᠤ ᠳᠣᠲᠣᠷᠠᠬᠢ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠰᠢᠶᠠᠩ ᠪᠠᠯᠭᠠᠰᠤ ︵ᠰᠤᠮᠤ︶᠎ ᠶᠢᠨ ᠰᠢᠦᠳᠠᠨ ᠤ ᠶᠠᠪᠤᠳᠠᠯ ᠤᠨ ᠲᠣᠪᠴᠢᠶ᠎ᠠ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠬᠠᠩᠭᠠᠨ ᠪᠣᠷᠣᠯᠠᠭᠤᠯᠬᠤ ᠬᠤᠷᠰᠢᠶ᠎ᠠ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠥᠷᠲᠡᠭᠡ᠂ ᠲᠣᠰᠬᠤᠨ ︵ᠭᠠᠴᠠᠭ᠎ᠠ︶ ᠎ ᠤ ᠨᠠᠮ ᠪᠠ ᠣᠯᠠᠨ ᠲᠦᠮᠡᠨ ᠤ ᠠᠵᠢᠯᠯᠠᠭᠠᠨ ᠤ ᠲᠥᠪ ᠢ ᠵᠢᠯᠣᠭᠤᠳᠣᠨ ᠢᠯᠡᠭᠡᠨ ᠬᠦᠷᠭᠡᠬᠦ ᠠᠵᠤ ᠠᠬᠤᠶᠢᠯᠠᠯ ᠳᠤ ᠬᠠᠨᠳᠤᠭᠤᠯᠤᠨ ᠨᠡᠭᠡᠭᠡᠯᠲᠡ ᠲᠠᠢ ᠪᠣᠯᠭᠠᠵᠤ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠳᠡᠮᠵᠢᠵᠦ᠂ ᠨᠡᠭᠡᠭᠡᠯᠲᠡ ᠲᠠᠢ ᠪᠥᠭᠡᠳ ᠬᠠᠮᠲᠤ ᠪᠠᠷ ᠬᠦᠷᠳᠡᠬᠦ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠠᠵᠤ ᠠᠬᠤᠶᠢᠯᠠᠯ ᠳᠤ ᠵᠦᠶ ᠵᠣᠬᠢᠰ ᠥᠬᠡᠶ ᠪᠠ ᠭᠠᠳᠠᠭᠤᠷᠴᠢᠯᠠᠬᠤ ᠴᠢᠨᠠᠷᠲᠠᠶ ᠵᠥᠪᠰᠢᠶᠡᠷᠡᠨ ᠣᠷᠣᠭᠤᠯᠬᠤ ᠨᠥᠬᠦᠴᠡᠯ ᠲᠣᠭᠲᠠᠭᠠᠵᠤ ᠪᠣᠯᠬᠤ ᠥᠬᠡᠶ᠃    ᠳᠥᠷᠪᠡ᠂ ᠮᠡᠳᠡᠭᠦᠯᠬᠦ ᠳᠡᠰ ᠳᠠᠷᠠᠭᠠᠯᠠᠯ    ︵ᠨᠢᠭᠡ︶ ᠬᠦᠯᠢᠶᠡᠨ ᠠᠪᠴᠦ ᠬᠦᠢᠴᠡᠳᠭᠡᠬᠦ    1. ᠨᠥᠬᠦᠴᠡᠯ ᠪᠦᠷᠢᠯᠳᠦᠭᠦᠯᠦᠭᠰᠡᠨ ᠭᠤᠶᠤᠴᠢᠯᠠᠨ ᠮᠡᠳᠡᠭᠦᠯᠬᠦ ᠨᠢᠭᠡᠴᠡ ᠨᠢ ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠬᠠᠮᠢᠶ᠎ᠠ ᠪᠥᠬᠦᠶ ᠭᠤᠶᠤᠴᠢᠯᠠᠨ ᠮᠡᠳᠡᠭᠦᠯᠬᠦ ᠬᠦᠰᠦᠨᠦᠭᠲᠦ ᠶᠢ ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠪᠠᠷ ᠪᠠᠶᠢᠴᠠᠭᠠᠨ ᠯᠠᠪᠯᠠᠵᠤ ᠪᠠᠭᠤᠯᠭᠠᠨ ᠠᠪᠴᠤ ᠪᠣᠯᠤᠨ᠎ᠠ᠃    2. ᠮᠡᠳᠡᠭᠦᠯᠬᠦ ᠨᠢᠭᠡᠴᠡ ︽︿ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ﹀ ᠪᠡᠯᠡ ᠮᠥᠩᠭᠦ ᠶᠢᠨ ᠨᠥᠬᠦᠪᠥᠷᠢ ᠶᠢ ᠭᠤᠶᠣᠴᠢᠯᠠᠨ ᠮᠡᠳᠡᠭᠦᠯᠬᠦ ᠬᠦᠰᠦᠨᠦᠭᠲᠦ ᠪᠠᠨ 3 ᠬᠤᠪᠢ ᠲᠤᠰᠢᠶᠠᠨ᠎ᠠ᠃ ᠮᠡᠳᠡᠭᠦᠯᠬᠦ ᠮᠠᠲ᠋ᠧᠷᠢᠶᠠᠯ ᠢ A4 ᠴᠠᠭᠠᠰᠤᠨ ᠤ ᠬᠤᠶᠠᠷ ᠲᠠᠯ᠎ᠠ ᠳᠤ ᠪᠦᠳᠦᠨ ᠳᠠᠷᠣᠮᠠᠯᠯᠠᠵᠦ ︵ᠬᠠᠭᠤᠯᠵᠦ︶᠎ ᠂ ᠲᠡᠰ ᠳᠠᠷᠠᠭᠠᠯᠠᠯ ᠢᠶᠠᠷ ᠨᠢ ᠵᠡᠭᠦᠨ ᠲᠠᠯ᠎ᠠ ᠪᠠᠷ ᠳᠡᠪᠲᠡᠷᠯᠡᠵᠦ᠂ ᠡᠩ ᠤᠨ ᠴᠠᠭᠠᠰᠣ ᠪᠠᠷ ᠭᠠᠳᠠᠷ ᠪᠣᠯᠭᠠᠵᠤ᠂ ᠴᠠᠪᠠᠤᠯᠢᠭ ᠴᠠᠭᠠᠷᠢᠭ᠂ ᠪᠢᠴᠢᠭ ᠮᠠᠲ᠋ᠧᠷᠢᠶᠠᠯ ᠤᠨ ᠬᠠᠪᠳᠠᠰᠣ ᠶᠢ ᠬᠡᠷᠡᠭᠯᠡᠬᠦ ᠦᠭᠡᠢ ᠪᠠᠶᠢᠵᠤ᠂  ᠮᠠᠲ᠋ᠧᠷᠢᠶᠠᠯ ᠪᠦᠷᠢ ᠳᠤ ᠠᠯᠪᠠᠨ ᠲᠠᠮᠠᠭ᠎ᠠ ᠳᠠᠷᠤᠨ᠎ᠠ᠃    ︵ᠬᠤᠶᠠᠷ︶ ᠬᠢᠨᠠᠨ ᠬᠠᠷᠭᠤᠭᠤᠯᠬᠤ    ᠭᠤᠷᠪᠠᠳᠠᠬᠢ ᠡᠲᠡᠭᠡᠳ ᠤᠨ ᠬᠢᠨᠠᠨ ᠪᠤᠳᠤᠬᠤ ᠪᠠᠶᠢᠭᠤᠯᠤᠮᠵᠢ ᠠᠴᠠ ᠭᠤᠶᠤᠴᠢᠯᠠᠨ ᠮᠡᠳᠡᠭᠦᠯᠬᠦ ᠨᠢᠬᠡᠴᠡ ᠶᠢᠨ ᠭᠤᠶᠤᠴᠢᠯᠠᠨ ᠮᠡᠳᠡᠭᠦᠯᠬᠦ ᠨᠥᠬᠦᠴᠡᠯ ᠪᠠ ᠲᠥᠷᠥᠯ ᠵᠦᠢᠯ ᠢ ᠬᠡᠷᠡᠭᠵᠢᠭᠦᠯᠬᠦ ᠦᠨᠡᠨ ᠪᠣᠳᠠᠲᠤ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ ᠲᠤ ᠠᠩᠬᠠᠨ ᠤ ᠬᠢᠨᠠᠯᠲᠠ ᠬᠢᠨ᠎ᠠ᠃ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠪᠡᠯ᠂ ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠢᠨᠠᠨ ᠬᠠᠷᠭᠤᠭᠤᠯᠬᠤ ᠶᠢᠨ ᠬᠠᠮᠲᠤ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠨᠥᠬᠦᠪᠥᠷᠢ ᠪᠠᠯᠠ ᠮᠥᠩᠭᠦ ᠶᠢ ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠥᠭᠴᠦ᠂ ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠡᠯ᠎ᠡ ᠭᠤᠶᠤᠴᠢᠯᠠᠨ ᠮᠡᠳᠡᠭᠦᠯᠦᠭᠰᠡᠨ ᠨᠢᠭᠡᠴᠡ ᠳᠤ ᠥᠭᠭᠦᠨ᠎ᠡ᠃    ︵ᠭᠤᠷᠪᠠ︶ ᠬᠢᠨᠠᠨ ᠬᠠᠮᠢᠶᠠᠷᠬᠤ    ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠨᠥᠬᠦᠪᠥᠷᠢ ᠪᠠᠯᠠ ᠮᠥᠩᠭᠦ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠢ ᠮᠡᠳᠡᠪᠡᠯ ᠳᠠᠷᠤᠶ ᠲᠦᠷᠭᠡᠨ ᠨᠥᠬᠦᠪᠥᠷᠢ ᠪᠠᠯᠠ ᠮᠥᠩᠭᠦ ᠶᠢ ᠨᠡᠬᠡᠮᠵᠢᠯᠡᠨ ᠠᠪᠴᠢᠷᠠᠵᠤ᠂ ᠭᠤᠶᠤᠴᠢᠯᠠᠨ ᠮᠡᠳᠡᠭᠦᠯᠦᠭᠰᠡᠨ ᠨᠢᠭᠡᠴᠡ ᠶᠢᠨ ᠭᠤᠷᠪᠠᠨ ᠵᠢᠯ ᠤᠨ ᠳᠣᠲᠣᠷ᠎ᠠ ᠨᠥᠬᠦᠪᠥᠷᠢ ᠪᠠᠯᠠ ᠮᠥᠩᠭᠦ ᠭᠤᠶᠣᠴᠢᠯᠠᠬᠤ ᠬᠢᠷᠢ ᠬᠡᠮ ᠢ ᠬᠦᠴᠦᠨ ᠦᠬᠡᠢ ᠪᠣᠯᠭᠠᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠬᠦᠯᠦᠨ᠎ᠡ᠃    ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ    ︵ᠨᠢᠭᠡ︶ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠥᠭᠬᠦ ᠳᠦᠷᠢᠮ  ᠶᠣᠰᠣᠭᠠᠷ ᠳᠡᠭᠡᠷ᠎ᠡ ᠵᠢᠯ ᠤᠨ ᠨᠥᠬᠦᠪᠥᠷᠢ ᠪᠡᠯᠡ ᠮᠥᠩᠭᠦ ᠶᠢ ᠪᠣᠳᠠᠳᠠᠶᠢᠵᠢᠭᠤᠯᠣᠨ᠎ᠠ᠃    ︵ᠬᠤᠶᠠᠷ︶ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠨᠥᠬᠦᠪᠥᠷᠢ ᠪᠠᠯᠠ ᠮᠥᠩᠭᠦ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠬᠢᠨᠠᠨ ᠪᠤᠳᠤᠬᠤ ᠰᠠᠯᠠᠭ᠎ᠠ ᠮᠥᠴᠢᠷ ᠤᠳ ᠨᠥᠬᠦᠪᠥᠷᠢ ᠪᠠᠯᠠ ᠮᠥᠩᠭᠦ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠬᠢᠨᠠᠨ ᠪᠤᠳᠤᠯᠳᠠ ᠬᠢᠵᠦ᠂ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠶᠢ ᠬᠤᠳᠠᠯ ᠢᠶᠠᠷ ᠮᠡᠳᠡᠭᠦᠯᠵᠦ᠂ ᠬᠠᠭᠤᠷᠮᠠᠭᠯᠠᠨ ᠠᠪᠤᠭᠰᠠᠨ ᠠᠵᠤ ᠠᠬᠤᠶᠢᠯᠠᠯ ᠠᠴᠠ ᠲᠡᠷᠡ ᠳᠠᠷᠤᠶ ᠳᠤᠨᠢ ᠨᠥᠬᠦᠪᠥᠷᠢ ᠪᠠᠯᠠ ᠮᠥᠩᠭᠦ ᠶᠢ ᠨᠡᠬᠡᠮᠵᠢᠯᠡᠨ ᠠᠪᠴᠢᠷᠠᠬᠤ ᠶᠢᠨ ᠬᠠᠮᠲᠤ ᠬᠠᠤᠯᠢ ᠶᠣᠰᠣᠭᠠᠷ ᠰᠢᠳᠬᠡᠯ ᠥᠭᠴᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠬᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号