ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠨᠤᠭᠤ ᠭᠠᠵᠠᠷ ᠢ ᠨᠡᠶᠢᠳᠡᠮ ᠪᠠᠶᠢᠴᠠᠭᠠᠬᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠮᠠᠨ ᠤ ᠤᠷᠤᠨ ᠥᠯᠢᠭᠡᠷ ᠭᠠᠵᠠᠷ ᠤᠨ ᠬᠢᠨᠠᠨ ᠬᠡᠮᠵᠢᠬᠦ ᠠᠵᠢᠯ ᠢ ᠲᠦᠷᠭᠡᠨ | ᠠᠬᠢᠭᠤᠯᠵᠤ᠂ ᠲᠠᠯ᠎ᠠ ᠨᠤᠲᠤᠭ ᠤᠨ ᠡᠪᠡᠰᠦ ᠪᠡᠯᠴᠢᠭᠡᠷ ᠤᠨ ᠨᠤᠭᠤᠭᠠᠷᠠᠬᠤ ᠬᠤᠭᠤᠴᠠᠭ᠎ᠠ ᠣᠬᠤᠷ᠂ ᠵᠠᠮ ᠬᠠᠷᠢᠯᠴᠠᠭ᠎ᠠ | ᠳᠦᠭᠦᠮ ᠦᠭᠡᠢ᠂ ᠡᠯᠡᠰᠤ ᠶᠡᠭᠡ ᠵᠡᠷᠭᠡ ᠬᠦᠴᠢᠷᠳᠡᠯ ᠢ ᠢᠯᠡᠨ ᠳᠠᠪᠠᠵᠤ᠂ ᠣᠲᠣ ᠪᠣᠯᠲᠠᠯ᠎ᠠ᠂ 2024 ᠣᠨ ᠳᠤ | ᠤᠯᠤᠰ ᠠᠴᠠ ᠪᠠᠭᠤᠯᠭᠠᠭᠰᠠᠨ 11043 ᠬᠢᠨᠠᠨ ᠬᠡᠮᠵᠢᠬᠦ ᠡᠭᠦᠷᠭᠡ ᠶᠢ ᠨᠢᠭᠡᠨᠲᠡ ᠪᠦᠬᠦᠨ ᠢ ᠪᠡᠶᠡᠯᠡᠭᠦᠯᠵᠦ᠂ ᠪᠥᠬᠦ | ᠤᠯᠤᠰ ᠤᠨ ᠶᠡᠷᠦᠩᠬᠡᠶ ᠡᠭᠦᠷᠭᠡ ᠶᠢᠨ 9.61% ᠶᠢ ᠡᠵᠡᠯᠡᠨ᠂ ᠪᠡᠶᠡᠯᠡᠭᠦᠯᠬᠦ ᠡᠭᠦᠷᠭᠡ ᠶᠢᠨ ᠬᠡᠮᠵᠢᠶ᠎ᠡ ᠨᠢ ᠪᠥᠬᠦ | ᠤᠯᠤᠰ ᠤᠨ ᠲᠡᠷᠢᠭᠦᠨ ᠳᠤ ᠵᠢᠭᠰᠠᠭᠠᠭᠳᠠᠪᠠ᠃ ᠡᠭᠦᠨ ᠳᠤ ᠤᠢ ᠰᠢᠭᠤᠢ ᠶᠢᠨ ᠦᠯᠢᠬᠡᠷ ᠭᠠᠵᠠᠷ 3227᠂ ᠨᠤᠲᠤᠭ | ᠪᠡᠯᠴᠢᠭᠡᠷ ᠤᠨ ᠬᠢᠨᠠᠨ ᠬᠡᠮᠵᠢᠯᠲᠡ ᠶᠢᠨ ᠦᠯᠢᠬᠡᠷ ᠭᠠᠵᠠᠷ 2965᠂ ᠨᠢᠭᠤᠴᠠ ᠦᠯᠢᠬᠡᠷ ᠭᠠᠵᠠᠷ 4240᠂ ᠨᠤᠭᠤ | ᠭᠠᠵᠠᠷ ᠤᠨ ᠦᠯᠢᠬᠡᠷ ᠭᠠᠵᠠᠷ 432᠂ ᠴᠦᠯᠯᠡᠷᠬᠡᠭᠵᠢᠭᠰᠡᠨ ᠦᠯᠢᠬᠡᠷ ᠭᠠᠵᠠᠷ 179 ᠪᠤᠢ᠃ | ᠡᠨᠡ ᠵᠢᠯ ᠤᠨ 4 ᠰᠠᠷ᠎ᠠ ᠶᠢᠨ ᠡᠬᠢ ᠪᠠᠷ᠂ ᠪᠥᠬᠦ ᠣᠷᠣᠨ ᠤ ᠥᠯᠢᠭᠡᠷ ᠭᠠᠵᠠᠷ ᠤᠨ ᠬᠢᠨᠠᠨ ᠬᠡᠮᠵᠢᠯᠲᠡ ᠶᠢᠨ | ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠭᠠᠰᠢ᠂ ᠮᠡᠷᠭᠡᠵᠢᠯ ᠤᠨ ᠵᠢᠯᠣᠭᠤᠳᠣᠯᠭ᠎ᠠ ᠪᠠ ᠶᠠᠰᠤ ᠴᠢᠨᠠᠷ ᠤᠨ | ᠡᠵᠡᠮᠳᠡᠯ ᠢ ᠪᠥᠬᠦ ᠲᠠᠯ᠎ᠠ ᠪᠠᠷ ᠴᠢᠩᠭᠠᠳᠬᠠᠵᠦ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠬᠢᠨᠠᠨ ᠬᠡᠮᠵᠢᠬᠦ ᠲᠥᠯᠥᠪᠵᠢᠭᠦᠯᠭᠡ ᠶᠢᠨ ᠬᠦᠷᠢᠶᠡᠯᠡᠩ ᠤᠨ ᠬᠠᠷᠢᠭᠤᠴᠠᠯᠭᠠᠲᠠᠨ ᠨᠥᠬᠦᠳ ᠣᠯᠠᠨ | ᠤᠳᠠᠭ᠎ᠠ ᠮᠠᠨ ᠤ ᠣᠷᠣᠨ ᠳᠤ ᠢᠷᠡᠵᠦ ᠲᠤᠬᠠᠶ ᠶᠢᠨ ᠲᠠᠯᠠᠪᠠᠶ ᠳᠤ ᠪᠣᠯᠪᠠᠰᠤᠷᠠᠯ ᠵᠢᠯᠣᠭᠤᠳᠣᠯᠭ᠎ᠠ ᠬᠢᠵᠦ᠂ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠢᠨᠠᠨ ᠬᠡᠮᠵᠢᠬᠦ ᠬᠤᠶᠠᠷ ᠬᠦᠷᠢᠶᠡᠯᠡᠩ ᠲᠤᠬᠠᠶᠢᠯᠠᠭᠰᠠᠨ | ᠠᠵᠢᠯ ᠤᠨ ᠭᠤᠤᠯᠯᠠᠭᠴᠢ ᠪᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠭᠠᠷᠭᠠᠨ ᠡᠯ᠎ᠡ ᠬᠤᠰᠢᠭᠤ | ᠰᠢᠶᠠᠨ ᠳᠤ ᠬᠦᠷᠴᠦ᠂ ᠲᠤᠬᠠᠶ ᠶᠢᠨ ᠭᠠᠵᠠᠷ ᠤᠨ ᠪᠠᠶᠢᠴᠠᠭᠠᠯᠲᠠ ᠵᠢᠴᠢ ︽ᠨᠢᠭᠡ ᠨᠢᠭᠡ ᠪᠠᠷ ᠬᠠᠷᠠᠭᠠᠯᠵᠠᠭᠰᠠᠨ︾ | ᠮᠠᠶ᠋ᠢᠭ ᠤᠨ ᠪᠥᠬᠦ ᠶᠠᠪᠤᠴᠠ ᠶᠢ ᠮᠥᠷᠳᠡᠨ ᠵᠢᠯᠣᠭᠤᠳᠬᠤ ᠠᠵᠢᠯ ᠢ ᠥᠷᠨᠢᠭᠦᠯᠪᠡ︔ ᠪᠥᠬᠦ ᠣᠷᠣᠨ ᠤ ᠣᠶ ᠰᠢᠭᠤᠶ | ᠪᠠ ᠨᠤᠲᠤᠭ ᠪᠡᠯᠴᠢᠭᠡᠷ ᠤᠨ ᠰᠢᠰᠲ᠋ᠧᠮ ᠤᠨ ᠠᠵᠢᠯᠲᠠᠳ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠮᠠᠨ ᠤ | ᠣᠷᠣᠨ ᠤ ᠥᠯᠢᠭᠡᠷ ᠭᠠᠵᠠᠷ ᠤᠨ ᠲᠠᠷᠬᠠᠯᠲᠠ ᠥᠷᠭᠡᠨ᠂ ᠬᠡᠭᠡᠷ᠎ᠡ ᠶᠢᠨ ᠪᠠᠶᠢᠴᠠᠭᠠᠯᠲᠠ ᠬᠠᠲᠠᠭᠤ ᠪᠡᠷᠬᠡ ᠵᠢᠴᠢ ᠬᠡᠰᠡᠭ | ᠭᠠᠵᠠᠷ ᠣᠷᠣᠨ ᠤ ᠪᠠᠶᠢᠭᠠᠯᠢ ᠶᠢᠨ ᠭᠠᠮᠰᠢᠭ ᠬᠦᠨᠳᠦ ᠨᠣᠴᠢᠲᠠᠶ ᠪᠠᠶᠢᠬᠤ ᠵᠡᠷᠭᠡ ᠠᠰᠢᠭ ᠥᠬᠡᠶ ᠬᠦᠴᠦᠨ ᠵᠦᠢᠯ ᠢ | ᠢᠯᠡᠨ ᠳᠠᠪᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠪᠠᠶᠢᠴᠠᠭᠠᠨ ᠬᠡᠮᠵᠢᠬᠦ ᠠᠵᠢᠯ ᠢ ᠪᠥᠬᠦ ᠬᠦᠴᠦᠨ ᠢᠶᠠᠷ ᠢᠶᠠᠨ | ᠠᠬᠢᠭᠤᠯᠪᠠ᠃ ᠬᠢᠨᠠᠨ ᠬᠡᠮᠵᠢᠬᠦ ᠶᠠᠪᠤᠴᠠ ᠳᠤ᠂ ᠵᠢᠯᠣᠭᠤᠴᠢ ᠦᠭᠡᠶ ᠨᠢᠰᠭᠡᠯ᠂ ᠥᠨᠳᠥᠷ ᠲᠣᠳᠣᠴᠠ ᠲᠠᠢ ᠳᠦᠷᠰᠦ | ᠰᠢᠩᠭᠡᠭᠡᠯᠲᠡ ᠵᠡᠷᠭᠡ ᠲᠡᠷᠢᠭᠦᠨ ᠤ ᠮᠡᠷᠭᠡᠵᠢᠯ ᠪᠣᠯᠤᠨ ᠲᠥᠬᠦᠭᠡᠷᠦᠮᠵᠢ ᠶᠢᠨ ᠬᠠᠪᠰᠤᠷᠤᠮᠵᠢ ᠪᠠᠶᠢᠴᠠᠭᠠᠯᠲᠠ ᠶᠢ | ᠥᠷᠭᠡᠨ ᠢᠶᠠᠷ ᠬᠡᠷᠡᠭᠯᠡᠵᠦ ᠢᠯᠡᠷᠬᠡᠶ ᠦᠷ᠎ᠡ ᠪᠦᠲᠦᠮᠵᠢ ᠣᠯᠤᠭᠰᠠᠨ ᠪᠠᠶᠢᠨ᠎ᠠ᠃ |