ᠬᠤᠶᠠᠷ ᠶᠡᠭᠡ ᠶᠠᠪᠤᠳᠠᠯ ᠢ ᠰᠠᠶᠢᠲᠤᠷ ᠬᠢᠵᠤ ᠥᠨᠳᠥᠷ ᠪᠠᠷᠢᠮᠵᠢᠶ᠎ᠠ ᠥᠨᠳᠥᠷ ᠦᠷ᠎ᠡ ᠪᠦᠳᠦᠮᠵᠢᠳᠡᠢ ᠪᠠᠷ ᠠᠷᠭ᠎ᠠ ᠰᠦᠪᠡᠭᠴᠢᠯᠡᠨ ᠥᠭᠡᠷᠡᠴᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/31
    — ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢ ᠰᠣᠷᠪᠣᠯᠵᠢᠯᠠᠭᠰᠠᠨ ᠨᠢ    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠦᠷᠢᠶ᠎ᠡ ᠶᠢ ᠬᠠᠩᠭᠢᠨᠠᠭᠤᠯᠪᠠ᠃ ᠠᠯᠠᠱᠠ ᠬᠡᠷᠬᠢᠨ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠥᠨᠳᠥᠷ ᠪᠠᠷᠢᠮᠵᠢᠶ᠎ᠠ ᠲᠠᠢ᠂ ᠥᠨᠳᠥᠷ ᠦᠷ᠎ᠡ ᠪᠦᠳᠦᠮᠵᠢᠳᠡᠢ ᠪᠠᠷ ᠥᠭᠡᠷᠡᠴᠢᠯᠡᠯᠲᠡ ᠶᠢ ᠠᠬᠢᠭᠤᠯᠬᠤ ᠳᠣᠬᠠᠢ ᠰᠤᠷᠪᠤᠯᠵᠢᠯᠠᠭᠴᠢ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢ ᠰᠤᠷᠪᠤᠯᠵᠢᠯᠠᠪᠠ᠃    ᠬᠤᠸᠠᠩ ᠶᠠ ᠯᠢ᠂ ᠠᠯᠠᠱᠠ ᠠᠶᠢᠮᠠᠭ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠲᠣᠭᠲᠠᠭᠠᠵᠤ᠂ ᠪᠣᠳᠠᠲᠠᠶ ᠲᠠᠢ ᠪᠠᠨ ᠨᠢᠭᠲᠠ ᠤᠶᠠᠯᠳᠤᠭᠤᠯᠵᠤ᠂  ᠭᠡᠷᠡᠭᠵᠢᠬᠦᠯᠵᠦ᠂ ᠠᠵᠢᠯ ᠤᠨ ᠬᠤᠪᠢᠶᠠᠷᠢᠯᠠᠯ ᠤᠨ ᠲᠥᠰᠦᠯ ᠪᠠ ᠠᠵᠢᠯ ᠤᠨ ᠲᠥᠰᠦᠯ ᠢ ᠨᠡᠶᠢᠲᠡᠯᠡᠵᠦ᠂ ᠥᠭᠡᠷᠡᠴᠢᠯᠡᠯᠲᠡ ᠶᠢᠨ 150 ᠵᠦᠢᠯ ᠤᠨ ᠡᠭᠦᠷᠭᠡ ᠶᠢ ᠲᠣᠭᠲᠠᠭᠠᠵᠤ᠂ ᠡᠨᠡ ᠵᠢᠯ ᠪᠠ ᠢᠷᠡᠬᠦ ᠵᠢᠯ ᠳᠤ ᠡᠬᠢᠯᠡᠵᠦ ᠪᠣᠯᠬᠤ ᠥᠭᠡᠷᠡᠴᠢᠯᠡᠯᠲᠡ ᠶᠢᠨ ᠡᠭᠦᠷᠭᠡ ᠶᠢᠨ ᠨᠠᠷᠢᠨ ᠲᠠᠩᠰᠠ ᠶᠢ ᠪᠠᠶᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠳᠠᠷᠦ᠋ᠢᠬᠠᠨ ᠬᠦᠢᠴᠡᠳᠭᠡᠬᠦ᠂ ᠤᠷᠤᠭᠰᠢᠯᠠᠬᠤ᠂ ᠲᠦᠷᠭᠡᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠠᠬᠢᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠳᠣᠬᠠᠢ ᠪᠠᠶᠢᠷᠢᠯᠠᠭᠤᠯᠤᠯᠲᠠ ᠶᠢ ᠠᠯᠠᠱᠠ ᠳᠤ ᠨᠠᠶᠢᠳᠠᠪᠣᠷᠢᠵᠢᠭᠤᠯᠵᠦ᠂ ᠦᠷ᠎ᠡ ᠪᠦᠳᠦᠮᠵᠢ ᠣᠯᠬᠤ ᠶᠢ ᠦᠨᠡᠨ ᠬᠦ ᠪᠠᠲᠤᠯᠠᠪᠠ᠃    ᠠᠮᠢ ᠠᠬᠤᠢ ᠶᠢᠨ ᠰᠠᠭᠤᠷᠢ ᠶᠢ ᠪᠠᠳᠣᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠥᠭᠡᠷᠡᠴᠢᠯᠡᠯᠲᠡ ᠶᠢ ᠠᠳᠬᠤᠨ᠎ᠠ᠃ ᠪᠢᠳᠡ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠠᠷ ᠥᠭᠡᠷᠡᠴᠢᠯᠡᠯᠲᠡ ᠶᠢᠨ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠶᠢᠨ ᠪᠠᠶᠢᠷᠢ ᠰᠠᠭᠤᠷᠢ ᠴᠢᠬᠤᠯᠠ᠂ ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ ᠪᠠᠶᠢᠬᠤ ᠠᠶᠢᠮᠠᠭ ᠤᠨ ᠪᠠᠶᠢᠳᠠᠯ ᠳᠤ ᠰᠠᠭᠤᠷᠢᠯᠠᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠢᠭᠡᠳ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠪᠣᠯᠤᠨ ᠬᠢᠯᠢ ᠬᠢᠵᠠᠭᠠᠷ ᠢ ᠰᠠᠬᠢᠨ ᠬᠠᠮᠠᠭᠠᠯᠠᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ᠂ ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠵᠡᠷᠭᠡ ᠬᠠᠮᠢᠶ᠎ᠠ ᠪᠥᠬᠦᠶ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠪᠠ ᠣᠷᠣᠨ ᠪᠦᠰᠡ ᠠᠯᠤᠰᠯᠠᠭᠰᠠᠨ ᠤᠰᠤᠨ ᠤ ᠡᠷᠬᠡ ᠶᠢ ᠠᠷᠠᠯᠵᠢᠶᠠᠯᠠᠬᠤ ᠶᠢ ᠠᠬᠢᠭᠤᠯᠤᠨ᠂ ᠠᠮᠢ ᠠᠬᠤᠶ ᠡᠯᠡᠰᠦᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠬᠡᠨ ᠪᠠᠶᠢᠭᠤᠯᠵᠤ᠂ ᠠᠯᠠᠱᠠ ᠶᠢᠨ ᠠᠮᠢ ᠠᠬᠤᠶ ᠶᠢᠨ ᠰᠠᠭᠤᠷᠢ ᠶᠢ ᠨᠠᠩ ᠪᠠᠳᠣ᠂ ᠬᠥᠭᠵᠢᠯᠲᠡ ᠶᠢᠨ ᠣᠷᠣᠨ ᠵᠠᠶ ᠶᠢ ᠨᠠᠩ ᠥᠷᠭᠡᠨ ᠪᠣᠯᠭᠠᠨ᠎ᠠ᠃ ᠪᠢᠳᠡ ᠠᠮᠢ ᠠᠬᠤᠶ ᠶᠢᠨ ᠵᠠᠰᠠᠯᠲᠠ ᠶᠢᠨ ᠡᠭᠦᠷᠭᠡ ᠬᠦᠨᠳᠦ ᠬᠢᠭᠡᠳ ᠬᠡᠷᠡᠭᠯᠡᠵᠦ ᠪᠣᠯᠬᠤ ᠡᠳ᠋ ᠤᠨ ᠬᠦᠴᠦᠨ ᠴᠥᠭᠡᠨ ᠪᠠᠶᠢᠬᠤ ᠪᠣᠳᠠᠲᠤ ᠪᠠᠶᠢᠳᠠᠯ ᠳᠤ ᠰᠠᠭᠤᠷᠢᠯᠠᠨ᠂ ︽  ᠨᠣᠭᠤᠭᠠᠷᠠᠭᠤᠯᠤᠯᠲᠠ ᠶᠢ ᠨᠡᠮᠡᠭᠳᠡᠬᠦᠯᠬᠦ᠂ ᠳᠠᠷᠢᠬᠤ ᠪᠠ ᠠᠷᠠᠴᠢᠯᠠᠨ ᠬᠠᠮᠠᠭᠠᠯᠠᠬᠤ ᠶᠢ ᠤᠶᠠᠯᠳᠤᠭᠤᠯᠬᠤ᠂ ᠰᠢᠨᠵᠢᠯᠡᠬᠦ ᠤᠬᠠᠭᠠᠨᠴᠢ ᠪᠠᠷ ᠰᠢᠨ᠎ᠡ ᠶᠢ ᠡᠭᠦᠳᠬᠦ᠂ ᠡᠪᠡᠳᠴᠢᠨ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠵᠠᠰᠠᠬᠤ ᠪᠠᠷ ᠤᠳᠤᠷᠢᠳᠤᠮᠵᠢ ᠪᠣᠯᠭᠠᠬᠤ᠂ ᠬᠡᠷᠡᠭᠯᠡᠬᠦ ᠪᠠᠷ ᠵᠠᠰᠠᠬᠤ ᠶᠢ ᠠᠬᠢᠭᠤᠯᠬᠤ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠨᠡᠶᠢᠭᠡᠮ ᠤᠨ ᠬᠢᠨ ᠣᠷᠣᠯᠴᠠᠬᠤ᠂ ᠴᠥᠬᠦᠷᠡᠰᠢ ᠥᠬᠡᠶ ᠪᠠᠷᠢᠮᠲᠠᠯᠠᠬᠤ︾ ᠡᠯᠡᠰᠦ ᠶᠢ ᠵᠠᠰᠠᠬᠤ ︽ᠠᠯᠠᠱᠠ ᠶᠢᠨ ᠬᠡᠪ ᠮᠠᠶ᠋ᠢᠭ︾ ᠢ ᠪᠣᠢ ᠪᠣᠯᠭᠠᠵᠦ᠂ ᠠᠮᠢ ᠠᠬᠤᠶ ᠶᠢ ᠠᠵᠤ ᠦᠢᠯᠡᠰᠵᠢᠬᠦᠯᠵᠦ᠂ ᠠᠵᠤ ᠦᠢᠯᠡᠰ ᠢ ᠠᠮᠢ ᠠᠬᠤᠶᠢᠵᠢᠭᠤᠯᠵᠦ᠂ ᠣᠯᠠᠨ ᠲᠦᠮᠡᠨ ᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠪᠦᠲᠦᠮᠵᠢᠲᠡᠶ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠪᠥᠬᠦ ᠠᠶᠢᠮᠠᠭ ᠤᠨ ᠣᠶ ᠰᠢᠭᠤᠶ ᠶᠢᠨ ᠲᠠᠯᠠᠪᠠᠶ ᠪᠠ ᠬᠡᠮᠵᠢᠶ᠎ᠡ ᠪᠠᠷ ᠨᠠᠩ ᠣᠯᠠᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠦᠷᠭᠦᠯᠵᠢᠯᠡᠨ ᠵᠠᠰᠠᠬᠤ ᠶᠢ ᠠᠬᠢᠭᠤᠯᠤᠨ᠂ ᠪᠥᠬᠦ ᠠᠶᠢᠮᠠᠭ ᠤᠨ ᠣᠶ ᠰᠢᠭᠤᠶ ᠶᠢᠨ ᠲᠠᠯᠠᠪᠠᠶ ᠪᠠ ᠬᠡᠮᠵᠢᠶ᠎ᠡ ᠶᠢᠨ ︽ᠬᠤᠤᠰ ᠨᠡᠮᠡᠭᠳᠡᠯ︾ ᠢ ᠪᠠᠳᠣᠯᠠᠵᠦ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠶᠢ ᠦᠷᠭᠦᠯᠵᠢᠯᠡᠨ ᠪᠠᠭᠠᠰᠬᠠᠵᠦ᠂ ᠠᠮᠢ ᠠᠬᠤᠶ ᠰᠠᠶᠢᠵᠢᠷᠠᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ︽ᠣᠯᠠᠨ ᠲᠠᠯ᠎ᠠ ᠪᠠᠷ ᠠᠮᠵᠢᠯᠲᠠ ᠣᠯᠬᠤ︾ ᠶᠢ ᠪᠡᠶᠡᠯᠡᠭᠦᠯᠵᠦ᠂ 2024 ᠣᠨ ᠳᠤ ᠪᠥᠬᠦ ᠠᠶᠢᠮᠠᠭ ᠤᠨ 551 ᠲᠦᠮᠡᠨ ᠮᠥ ᠡᠯᠡᠰᠦ ᠶᠢ ᠵᠠᠰᠠᠵᠦ᠂ ᠪᠥᠬᠦ ᠣᠷᠣᠨ ᠤ ᠵᠠᠰᠠᠯᠲᠠ ᠶᠢᠨ ᠡᠭᠦᠷᠭᠡ ᠶᠢᠨ ᠭᠤᠷᠪᠠᠨ ᠤ ᠨᠢᠭᠡ ᠶᠢ ᠡᠵᠡᠯᠡᠪᠡ᠃    ᠬᠥᠭᠵᠢᠯᠲᠡ ᠶᠢᠨ ᠪᠣᠭᠤᠮᠢ ᠶᠢ ᠡᠪᠳᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠨ᠎ᠠ᠃ ᠪᠢᠳᠡ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠢ ᠨᠡᠪᠲᠡᠷᠡᠭᠦᠯᠬᠦ ᠪᠠᠷ ᠥᠭᠡᠷᠡᠴᠢᠯᠡᠯᠲᠡ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠬᠥᠲᠥᠯᠦᠮᠵᠢ ᠪᠣᠯᠭᠠᠵᠤ᠂ ᠰᠢᠨ᠎ᠡ ᠡᠨᠧᠷᠭᠢ ᠶᠢ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ᠂ ᠠᠵᠤ ᠦᠢᠯᠡᠰᠵᠢᠭᠦᠯᠦᠨ ᠬᠡᠷᠡᠭᠯᠡᠬᠦ᠂ ᠳᠦᠪᠯᠡᠷᠡᠬᠦᠯᠦᠨ ᠬᠥᠭᠵᠢᠭᠦᠯᠬᠦ ᠠᠷᠭ᠎ᠠ ᠵᠠᠮ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠤᠯᠠᠮᠵᠢᠯᠠᠯᠲᠤ ᠠᠵᠤ ᠦᠢᠯᠡᠰ᠂ ᠣᠨᠴᠠᠯᠢᠭᠲᠤ ᠠᠵᠤ ᠦᠢᠯᠡᠰ᠂ ᠵᠢᠭᠤᠯᠴᠢᠯᠠᠯ ᠤᠨ ᠦᠢᠯᠡᠰ ᠵᠡᠷᠭᠡ ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠪᠠ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠦᠴᠦᠨ ᠵᠦᠢᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠯᠠᠱᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠨᠡᠩ ᠰᠢᠯᠢᠳᠡᠭ᠂ ᠬᠥᠭᠵᠢᠯᠲᠡ ᠶᠢ ᠨᠡᠩ ᠰᠠᠶᠢᠨ ᠪᠣᠯᠭᠠᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ ᠠᠵᠢᠯ ᠶᠠᠪᠤᠳᠠᠯ ᠭᠦᠢᠴᠡᠳᠬᠡᠬᠦ ᠲᠦᠭᠵᠢᠷᠡᠯ ᠢ ᠢᠯᠡᠷᠡᠭᠦᠯᠵᠦ ᠰᠢᠢᠳᠪᠦᠷᠢᠯᠡᠬᠦ ᠲᠤᠰᠬᠠᠶ ᠠᠵᠢᠯ ᠢ ᠭᠦᠨᠵᠡᠭᠡᠶ ᠥᠷᠨᠢᠭᠦᠯᠵᠦ᠂ ︽ᠳᠦᠷᠦᠬᠦᠦ ᠬᠠᠷᠢᠭᠤᠴᠠᠯᠭᠠᠳᠠᠨ︾ ᠣᠯᠠᠨ ᠲᠦᠮᠡᠨ ᠲᠠᠢ ᠬᠠᠮᠳᠣ ᠪᠠᠷ ᠣᠴᠢᠷ ᠶᠠᠪᠣᠳᠠᠯ ᠬᠦᠢᠴᠡᠳᠬᠡᠬᠦ ︽ᠠᠰᠠᠭᠤᠳᠠᠯ ᠢ ᠢᠯᠡᠷᠡᠭᠦᠯᠬᠦ ᠲᠣᠭᠲᠠᠴᠠ︾᠂ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠭᠰᠠᠨ ︽ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ︾᠂ ᠠᠵᠤ ᠠᠬᠤᠶᠢᠯᠠᠯ ᠪᠠ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠬᠠᠷᠠᠯᠲᠠ ᠪᠣᠯᠭᠠᠭᠰᠠᠨ ︽ᠬᠠᠮᠲᠤᠷᠠᠨ ᠰᠢᠢᠳᠪᠦᠷᠢᠯᠡᠵᠦ ᠬᠠᠷᠢᠭᠤ ᠰᠤᠷᠪᠤᠯᠵᠢᠯᠠᠬᠤ ᠲᠣᠭᠲᠠᠴᠠ︾ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠠᠨᠤᠮᠵᠢᠲᠠᠶ ᠪᠠᠶᠢᠬᠤ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠬᠦᠴᠦᠨ ᠵᠦᠢᠯ ᠤᠨ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠠᠬᠢᠭᠤᠯᠬᠤ ᠲᠠᠯ᠎ᠠ ᠪᠠᠷ᠂ ︽ᠰᠲ᠋ᠣᠺ ᠤᠨ ᠡᠷᠬᠡ ᠶᠢ ᠬᠤᠳᠠᠯᠳᠤᠨ ᠠᠪᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠡᠵᠡᠨ᠎ᠡ ᠶᠢᠨ ᠲᠤᠤᠷᠠᠶ ᠶᠢᠨ ᠣᠶ ᠶᠢᠨ ᠦᠵᠡᠮᠵᠢ ᠶᠢᠨ ᠣᠷᠣᠨ ᠤ ᠡᠵᠡᠩᠨᠡᠯᠲᠡ ᠶᠢᠨ ᠡᠷᠬᠡ ᠶᠢ ᠬᠤᠷᠢᠶᠠᠨ ᠠᠪᠴᠤ᠂ ᠲᠤᠰᠬᠠᠶ ᠡᠵᠡᠩᠨᠡᠯᠲᠡ ᠶᠢᠨ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ ᠪᠦᠬᠦᠯᠢ ᠴᠣᠭᠴᠠ ᠪᠠᠷ ᠳᠦᠰᠦᠪᠯᠡᠵᠦ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠨᠠᠩ ᠣᠯᠠᠨ ᠡᠰᠢᠵᠢᠭᠰᠡᠨ᠂ ᠨᠠᠩ ᠡᠯᠪᠡᠭ ᠪᠠᠶᠠᠯᠢᠭ ︽ᠰᠣᠶᠣᠯ ᠵᠢᠭᠤᠯᠴᠢᠯᠠᠯ︾ ᠪᠠ ︽ᠰᠥᠨᠢ ᠶᠢᠨ ᠵᠠᠬ᠎ᠠ︾ ᠶᠢᠨ ᠡᠵᠡᠩᠨᠡᠯᠲᠡ ᠶᠢᠨ ᠬᠡᠯᠪᠡᠷᠢ ᠶᠢ ᠬᠠᠶᠢᠨ ᠰᠦᠪᠡᠭᠴᠢᠯᠡᠵᠦ᠂ ᠰᠣᠶᠣᠯ ᠵᠢᠭᠤᠯᠴᠢᠯᠠᠯ ᠤᠨ ᠠᠵᠤ ᠠᠬᠤᠶ ᠶᠢ ᠲᠣᠰ ᠭᠠᠵᠠᠷ ᠲᠠᠭᠠᠨ ᠠᠵᠤ ᠦᠢᠯᠡᠰᠵᠢᠬᠦᠯᠵᠦ᠂ ᠬᠡᠯᠬᠢᠶᠡᠵᠢᠬᠦᠯᠵᠦ᠂ ᠨᠠᠷᠢᠯᠢᠭᠵᠢᠭᠤᠯᠪᠠ᠃ ᠡᠵᠡᠨ᠎ᠡ ᠬᠤᠰᠢᠭᠤᠨ ᠤ ᠵᠢᠭᠤᠯᠴᠢᠯᠠᠯ ᠤᠨ ᠨᠡᠶᠢᠳᠡ ᠬᠦᠮᠦᠨ ᠣᠳᠠᠭ᠎ᠠ ᠪᠠ ᠶᠡᠷᠦᠩᠬᠡᠢ ᠣᠷᠣᠯᠭ᠎ᠠ ᠨᠢ ᠲᠣᠰ ᠲᠣᠰ 40 ᠲᠦᠮᠡᠨ ᠬᠥᠮᠦᠨ ᠪᠠ 3 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 15% ᠪᠠ 4% ᠪᠠᠷ ᠨᠡᠮᠡᠭᠳᠡᠪᠡ᠃     ᠣᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠯ︾ ᠳᠤ ᠠᠩᠬᠠᠷᠤᠯ ᠢᠶᠠᠨ ᠲᠥᠪᠯᠡᠷᠡᠭᠦᠯᠵᠦ ᠥᠭᠡᠷᠡᠴᠢᠯᠡᠯᠲᠡ ᠶᠢ ᠠᠳᠬᠤᠨ᠎ᠠ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠭᠰᠠᠨ ᠥᠭᠡᠷᠡᠴᠢᠯᠡᠯᠲᠡ ᠶᠢᠨ ᠦᠷᠳᠡᠭ ᠤᠨ ᠬᠠᠨᠳᠤᠰᠢ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠲᠦᠷᠦ ᠶᠢᠨ ᠪᠤᠳᠤᠯᠭ᠎ᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠨᠡᠶᠢᠭᠡᠮ ᠤᠨ ᠦᠢᠯᠡᠰ ᠤᠨ ︽ᠳᠤᠲᠠᠭᠤᠳᠠᠯ︾ ᠢ ᠲᠦᠷᠭᠡᠨ ᠨᠥᠬᠦᠪᠥᠷᠢᠯᠡᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ᠂ ᠲᠡᠷᠭᠡ ᠵᠣᠭᠰᠣᠭᠠᠬᠤ ᠲᠥᠬᠦᠭᠡᠷᠦᠮᠵᠢ ᠶᠢ ᠪᠦᠳᠦᠭᠡᠨ ᠪᠠᠶᠢᠭᠤᠯᠬᠤ᠂ ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡ ᠬᠠᠮᠢᠶᠠᠷᠤᠯᠲᠠ ᠵᠡᠷᠭᠡ ᠠᠷᠠᠳ ᠤᠨ ᠰᠡᠳᠬᠢᠯ ᠤᠨ ᠢᠨᠵᠧᠨᠧᠷᠢᠩ ᠢ ᠶᠡᠬᠡᠪᠡᠷ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠨᠡᠩ ᠴᠢᠩᠭ᠎ᠠ ᠪᠣᠯᠭᠠᠪᠠ᠃ ᠰᠤᠷᠭᠠᠨ ᠬᠥᠮᠦᠵᠢᠯ ᠤᠨ ︽ᠳᠤᠲᠠᠭᠤᠳᠠᠯ︾ ᠢ ᠨᠥᠬᠦᠪᠥᠷᠢᠯᠡᠬᠦ ᠲᠠᠯ᠎ᠠ ᠪᠠᠷ᠂ ᠰᠤᠷᠭᠠᠨ ᠬᠥᠮᠦᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠥᠬᠦ ᠠᠶᠢᠮᠠᠭ ᠢᠶᠠᠷ ᠢᠶᠠᠨ ᠨᠢᠭᠡ ᠴᠣᠭᠴᠠᠵᠢᠭᠤᠯᠤᠨ ᠠᠬᠢᠭᠤᠯᠵᠤ᠂ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠭᠢᠯᠡᠬᠦ ᠶᠢ ᠶᠡᠬᠡᠪᠡᠷ ᠠᠬᠢᠭᠤᠯᠵᠤ᠂ ᠤᠷᠢᠳ ᠬᠤᠵᠢᠳ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠵᠡᠷᠭᠡ ᠣᠷᠣᠨ ᠤ ᠳᠣᠲᠣᠷ᠎ᠠ ᠭᠠᠳᠠᠨᠠᠬᠢ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠲᠠᠢ ᠬᠠᠮᠲᠤᠷᠠᠯᠴᠠᠭ᠎ᠠ ᠬᠢᠵᠦ᠂ ᠬᠥᠬᠡᠬᠤᠲᠠ᠂ ᠪᠤᠭᠤᠲᠤ᠂ ᠣᠷᠳᠣᠰ᠂ ᠦᠬᠠᠶ᠂ ᠵᠠᠩ ᠶᠧ᠂ ᠳᠡᠷᠡᠰᠦᠨ ᠵᠡᠷᠭᠡ ᠬᠤᠲᠠ ᠲᠠᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠤᠯᠪᠣᠭ᠎ᠠ ᠪᠣᠯᠵᠣ᠂ ᠨᠠᠷᠠᠲᠤ ᠪᠠᠭᠰᠢ ᠨᠠᠷᠠᠲᠤ ᠰᠤᠷᠭᠠᠭᠤᠯᠢ ᠶᠢᠨ ᠵᠠᠬᠢᠷᠤᠯ 13᠂ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ 375 ᠣᠷᠣᠭᠤᠯᠤᠨ ᠠᠪᠴᠢᠷᠠᠵᠤ᠂ ᠠᠶᠢᠮᠠᠭ ᠤᠨ ᠳᠣᠲᠣᠷᠠᠬᠢ ᠰᠢᠯᠢᠳᠡᠭ ᠰᠣᠷᠣᠭᠴᠢ ᠶᠢᠨ ᠢᠷᠡᠯᠲᠡ ᠶᠢ ᠠᠶᠢᠮᠠᠭ ᠲᠠᠭᠠᠨ ᠦᠯᠡᠳᠡᠬᠡᠵᠦ᠂ ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠬᠠᠮᠤᠭ ᠤᠨ ᠰᠠᠶᠢᠨ ᠪᠠᠶᠢᠵᠤ᠂ ᠣᠯᠠᠨ ᠲᠦᠮᠡᠨ ᠤ ᠨᠡᠶᠢᠳᠡᠮ ᠮᠠᠭᠲᠠᠭᠠᠯ ᠰᠠᠶᠢᠰᠢᠶᠠᠯ ᠢ ᠤᠯᠪᠠ᠃ ᠡᠮᠴᠢᠯᠡᠭᠡᠨ ᠤ ︽ᠳᠤᠲᠠᠭᠤᠳᠠᠯ︾ ᠢ ᠨᠥᠬᠦᠪᠥᠷᠢᠯᠡᠬᠦ ᠲᠠᠯ᠎ᠠ ᠪᠠᠷ᠂ ᠦᠨᠡᠨ ᠠᠴᠠ ᠵᠥᠪ ᠢ ᠡᠷᠢᠬᠦ᠂ ᠬᠡᠷᠡᠭᠯᠡᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ︽ᠲᠠᠪᠴᠠᠩ︾ ᠤᠨ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠪᠥᠬᠦ ᠠᠶᠢᠮᠠᠭ ᠤᠨ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠠᠶᠢᠮᠠᠭ ᠤᠨ ᠭᠠᠳᠠᠨᠠᠬᠢ ᠴᠢᠨᠠᠷ ᠰᠠᠶᠢᠲᠠᠶ ᠡᠮᠴᠢᠯᠡᠭᠡᠨ ᠤ ᠪᠠᠶᠢᠭᠤᠯᠤᠮᠵᠢ ᠯᠤᠭ᠎ᠠ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠬᠥ᠋ ᠶᠦᠩ ᠴᠢᠤᠸᠠᠨ ᠠᠺᠠᠳ᠋ᠮᠢᠴᠢ ᠶᠢᠨ ᠲᠤᠰᠬᠠᠶ ᠮᠡᠷᠭᠡᠵᠢᠯᠲᠡᠨ ᠤ ᠪᠦᠯᠬᠦᠮ ᠤᠨ ᠠᠵᠢᠯᠯᠠᠬᠤ ᠦᠷᠦᠭᠡ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠬᠠᠰᠪᠠᠭᠠᠨ᠎ᠠ ᠶᠢᠨ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ ᠵᠡᠷᠭᠡ ᠶᠢ ᠪᠠᠶᠢᠭᠤᠯᠵᠤ᠂ ᠭᠠᠷᠠᠭ ᠪᠦᠷᠢ ᠲᠣᠮᠣ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠠᠶᠢᠮᠠᠭ ᠲᠤ ᠢᠷᠡᠵᠦ ᠡᠪᠡᠳᠴᠢᠨ ᠦᠵᠡᠵᠦ᠂ ᠪᠥᠬᠦ ᠤᠯᠤᠰ ᠤᠨ ᠬᠡᠪᠴᠢᠶᠡᠨ ᠳᠤ ᠡᠮᠴᠢᠯᠡᠭᠡᠨ ᠤ ᠳᠠᠭᠠᠳᠬᠠᠯ ᠤᠨ ᠳᠣᠭᠳᠠᠭᠰᠠᠨ ᠡᠮ ᠤᠨ ᠳᠡᠯᠭᠡᠭᠦᠷ ᠲᠤ ᠰᠢᠭᠤᠳ ᠳ᠋ᠦᠩᠨᠡᠨ ᠪᠤᠳᠤᠬᠤ ᠶᠢ ᠡᠩ ᠲᠡᠷᠢᠬᠦᠨ ᠳᠤ ᠪᠡᠶᠡᠯᠡᠭᠦᠯᠵᠦ᠂ ᠡᠮᠨᠡᠯᠭᠡ ᠳᠤ ᠰᠠᠭᠤᠬᠤ ᠠᠩᠬᠠᠨ ᠤ ᠲᠦᠯᠦᠬᠦ ᠪᠠᠷᠢᠮᠵᠢᠶ᠎ᠠ ᠶᠢ 20%— 50% ᠪᠠᠷ ᠪᠠᠭᠤᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ  ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠡᠳ᠋ᠯᠡᠭᠦᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号