ᠠᠯᠠᠱᠠ ᠵᠡᠭᠦᠨ ᠬᠤᠰᠢᠭᠤᠨ ᠤ ᠨᠢᠰᠭᠡᠯ ᠤᠨ ᠪᠠᠭᠤᠳᠠᠯ ᠤᠨ ᠶᠡᠷᠦᠩᠬᠡᠶ ᠲᠥᠯᠥᠪᠵᠢᠭᠦᠯᠭᠡ ᠵᠢᠩᠬᠢᠨᠢ ᠪᠠᠷ ᠵᠦᠪᠰᠢᠶᠡᠷᠡᠯ ᠣᠯᠪᠠ
ᠨᠡᠶᠢᠲᠡᠯᠡᠭᠰᠡᠨ ᠴᠠᠭ᠄
2024/10/9
    ᠲᠦᠷᠦᠭᠦᠬᠡᠨ᠂ ︽ᠠᠯᠠᠱᠠ ᠵᠡᠭᠦᠨ ᠬᠤᠰᠢᠭᠤᠨ ᠤ ᠨᠢᠰᠭᠡᠯ ᠤᠨ ᠪᠠᠭᠤᠳᠠᠯ ᠤᠨ ᠶᠡᠷᠦᠩᠬᠡᠢ ᠲᠥᠯᠥᠪᠵᠢᠭᠦᠯᠭᠡ ︵2024 ᠣᠨ ᠤ ᠬᠡᠪᠯᠡᠯ︶︾ ᠳᠤᠮᠳᠠᠳᠤ ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠤᠮᠠᠷᠠᠲᠤ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠵᠦᠪᠰᠢᠶᠡᠷᠡᠯ ᠢ ᠵᠢᠩᠬᠢᠨᠢ ᠪᠠᠷ ᠣᠯᠵᠤ᠂ ᠠᠯᠠᠱᠠ ᠵᠡᠭᠦᠨ ᠬᠤᠰᠢᠭᠤᠨ ᠤ ᠨᠢᠰᠭᠡᠯ ᠤᠨ ᠪᠠᠭᠤᠳᠠᠯ ᠤᠨ ᠤᠢᠢᠷ᠎ᠠ ᠶᠢᠨ ᠬᠤᠭᠤᠴᠠᠭ᠎ᠠ᠂ ᠤᠷᠳᠤ ᠬᠤᠭᠤᠴᠠᠭ᠎ᠠ ᠶᠢᠨ ᠬᠥᠭᠵᠢᠯᠲᠡ ᠶᠢᠨ ᠰᠢᠨ᠎ᠡ ᠵᠢᠷᠤᠭ ᠲᠥᠯᠥᠪᠯᠡᠭᠡ ᠶᠢ ᠲᠣᠭᠲᠠᠭᠠᠵᠤ᠂ ᠲᠤᠰ ᠲᠦᠷᠦᠯ ᠵᠦᠢᠯ ᠮᠥᠨ ᠴᠢᠨᠠᠷ ᠤᠨ ᠰᠢᠪᠳᠤᠯᠤᠯᠲᠠ ᠶᠢᠨ ᠱᠠᠲᠤᠨ ᠳᠤ ᠤᠷᠤᠬᠰᠠᠨ ᠢ ᠬᠠᠷᠠᠭᠤᠯᠪᠠ᠃    ᠴᠣᠬᠤᠯᠠᠪᠤᠷᠢ ᠳᠤ᠂ ᠠᠯᠠᠱᠠ ᠵᠡᠭᠦᠨ ᠬᠤᠰᠢᠭᠤᠨ ᠤ ᠨᠢᠰᠭᠡᠯ ᠤᠨ ᠪᠠᠭᠤᠳᠠᠯ ᠤᠨ ᠣᠶᠢᠷ᠎ᠠ᠂ ᠤᠷᠳᠤ ᠬᠤᠭᠤᠴᠠᠭᠠᠨ ᠤ ᠪᠠᠶᠢᠷᠢ ᠲᠣᠭᠲᠠᠭᠠᠯᠲᠠ ᠨᠢ ᠤᠯᠤᠰ ᠤᠨ ᠳᠣᠲᠣᠭᠠᠳᠤ ᠶᠢᠨ ᠵᠢᠵᠢᠭ ᠬᠡᠯᠪᠡᠷᠢ ᠶᠢᠨ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠪᠠᠶᠢᠵᠤ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠬᠥᠭᠵᠢᠯᠲᠡ ᠶᠢ ᠬᠠᠮᠲᠤ ᠳᠤᠨᠢ ᠬᠠᠷᠠᠭᠠᠯᠵᠠᠨ᠂ ᠨᠢᠰᠦᠯᠲᠡ ᠶᠢᠨ ᠣᠷᠣᠨ ᠤ ᠭᠦᠢᠴᠡᠳᠭᠡᠯ ᠲᠤᠭ᠎ᠠ ᠨᠢ ᠴᠥᠮ 4C ᠪᠣᠯᠤᠨ᠎ᠠ᠃ ᠨᠢᠰᠭᠡᠯ ᠤᠨ ᠪᠠᠭᠤᠳᠠᠯ ᠤᠨ ᠣᠶᠢᠷ᠎ᠠ ᠶᠢᠨ ᠬᠤᠭᠤᠴᠠᠭ᠎ᠠ ᠶᠢ 2040 ᠣᠨ ᠤ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ 140 ᠲᠦᠮᠡᠨ ᠬᠥᠮᠦᠨ ︵ᠤᠳᠠᠭ᠎ᠠ︶᠂ ᠪᠠᠷᠠᠭ᠎ᠠ ᠰᠢᠤᠳᠠᠨ ᠤ ᠣᠷᠣᠭᠤᠯᠵᠤ ᠭᠠᠷᠭᠠᠬᠤ ᠬᠡᠮᠵᠢᠶ᠎ᠡ 4500 ᠲᠣᠨ᠂ ᠵᠢᠯ ᠤᠨ ᠠᠶᠠᠨᠴᠢᠳ ᠤᠨ ᠨᠢᠰᠭᠡᠯ ᠤᠨ ᠨᠢᠰᠭᠦ ᠪᠠᠭᠤᠬᠤ ᠬᠡᠮᠵᠢᠶ᠎ᠡ 14420 ᠤᠳᠠᠭ᠎ᠠ ᠶᠢᠨ ᠱᠠᠭᠠᠷᠳᠠᠯᠭ᠎ᠠ ᠶᠣᠰᠣᠭᠠᠷ ᠲᠥᠯᠥᠪᠵᠢᠭᠦᠯᠵᠦ᠂ ᠤᠷᠳᠤ ᠬᠤᠭᠤᠴᠠᠭ᠎ᠠ ᠶᠢ 2055 ᠣᠨ ᠤ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠶᠢ 300 ᠲᠦᠮᠡᠨ ᠬᠥᠮᠦᠨ ︵ᠤᠳᠠᠭ᠎ᠠ︶᠂ ᠪᠠᠷᠠᠭ᠎ᠠ ᠰᠢᠤᠳᠠᠨ ᠢᠶᠠᠷ ᠣᠷᠣᠭᠤᠯᠵᠤ ᠭᠠᠷᠭᠠᠬᠤ ᠬᠡᠮᠵᠢᠶ᠎ᠡ 1.4 ᠲᠦᠮᠡᠨ ᠲᠣᠨ᠂ ᠠᠶᠠᠨᠴᠢᠳ ᠤᠨ ᠨᠢᠰᠭᠡᠯ ᠤᠨ ᠵᠢᠯ ᠤᠨ ᠨᠢᠰᠬᠦ ᠪᠠᠭᠤᠬᠤ ᠬᠡᠮᠵᠢᠶ᠎ᠡ 29091 ᠤᠳᠠᠭ᠎ᠠ ᠶᠢᠨ ᠱᠠᠭᠠᠷᠳᠠᠯᠭ᠎ᠠ ᠪᠠᠷ ᠲᠥᠯᠥᠪᠯᠡᠭᠰᠡᠨ ᠪᠠᠶᠢᠨ᠎ᠠ᠃    ᠠᠯᠠᠱᠠ ᠵᠡᠭᠦᠨ ᠬᠤᠰᠢᠭᠤᠨ ᠤ ᠨᠢᠰᠭᠡᠯ ᠤᠨ ᠪᠠᠭᠤᠳᠠᠯ ᠨᠢ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠪᠣᠯᠵᠤ ᠲᠠᠰ ᠳᠡᠪᠰᠢᠭᠰᠡᠨ ᠨᠢ ᠪᠥᠬᠦ ᠤᠯᠤᠰ ᠤᠨ ᠠᠩᠬᠠᠳᠠᠭᠴᠢ ᠠᠵᠢᠯ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠪᠤᠯᠤᠬᠰᠠᠨ ᠲᠥᠷᠥᠯ ᠵᠦᠢᠯ ᠪᠣᠯᠤᠨ᠎ᠠ᠃ ᠡᠨᠡ ᠵᠢᠯ ᠤᠨ 7 ᠰᠠᠷ᠎ᠠ ᠶᠢᠨ 31᠎ ᠤ ᠡᠳᠦᠷ᠂ ᠠᠯᠠᠱᠠ ᠵᠡᠭᠦᠨ ᠬᠤᠰᠢᠭᠤᠨ ᠤ ᠨᠢᠰᠭᠡᠯ ᠤᠨ ᠪᠠᠭᠤᠳᠠᠯ ᠤᠨ ᠶᠡᠷᠦᠩᠬᠡᠶ ᠲᠥᠯᠥᠪᠵᠢᠭᠦᠯᠭᠡ ᠶᠢ ᠬᠢᠨᠠᠨ ᠲᠣᠭᠲᠠᠭᠠᠬᠤ ᠬᠤᠷᠠᠯ ᠪᠠᠶᠠᠨᠬᠤᠲᠠ ᠪᠠᠯᠭᠠᠰᠤᠨ ᠳᠤ ᠬᠤᠷᠠᠯᠳᠤᠪᠠ᠂ ᠬᠤᠷᠠᠯ ᠠᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠶᠡᠷᠦᠩᠬᠡᠶ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠶᠢᠨ ᠴᠢᠬᠤᠯᠠ ᠴᠢᠨᠠᠷ᠂ ᠨᠢᠰᠭᠡᠯ ᠤᠨ ᠪᠠᠭᠤᠳᠠᠯ ᠬᠢᠭᠡᠳ ᠬᠤᠲᠠ ᠶᠢᠨ ᠲᠥᠯᠥᠪᠵᠢᠭᠦᠯᠭᠡ ᠶᠢᠨ ᠬᠠᠷᠢᠴᠠᠭ᠎ᠠ ᠵᠢᠴᠢ ᠡᠷᠬᠢᠨ ᠲᠣᠭᠤᠷᠢᠨ ᠤ ᠲᠥᠬᠦᠭᠡᠷᠦᠮᠵᠢ ᠶᠢᠨ ᠵᠠᠳᠠᠯᠤᠯᠲᠠ᠂ ᠠᠭᠠᠷ ᠤᠨ ᠠᠶᠠᠯᠠᠯ ᠤᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢᠨ ᠵᠢᠱᠢᠯᠲᠡ ᠵᠡᠷᠭᠡ ᠶᠢ ᠭᠤᠤᠯᠳᠠᠯᠭ᠎ᠠ ᠲᠠᠢ ᠶᠠᠷᠢᠯᠴᠠᠭᠰᠠᠨ ᠪᠥᠭᠡᠳ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠠᠨᠠᠯ ᠢ ᠪᠦᠷᠢᠯᠳᠦᠭᠦᠯᠵᠦ᠂ ᠲᠣᠰ ᠤᠳᠠᠭᠠᠨ ᠤ ᠶᠡᠷᠦᠩᠬᠡᠶ ᠲᠥᠯᠥᠪᠵᠢᠭᠦᠯᠭᠡ ᠶᠢ ᠵᠢᠩᠬᠢᠨᠢ ᠪᠠᠷ ᠬᠢᠨᠠᠨ ᠵᠥᠪᠰᠢᠶᠡᠷᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠠᠵᠢᠯ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠢ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠪᠤᠯᠭᠠᠨ ᠲᠠᠰ ᠳᠡᠪᠰᠢᠬᠦᠯᠦᠭᠰᠡᠨ ᠨᠢ ᠠᠯᠠᠱᠠ ᠵᠡᠭᠦᠨ ᠬᠤᠰᠢᠭᠤᠨ ᠤ ᠨᠢᠰᠭᠡᠯ ᠤᠨ ᠪᠠᠭᠤᠳᠠᠯ ᠤᠨ ᠪᠦᠬᠦᠯᠢ ᠴᠣᠭᠴᠠ ᠶᠢᠨ ᠠᠵᠢᠯᠯᠠᠭᠠᠨ ᠤ ᠨᠥᠬᠦᠴᠡᠯ ᠢ ᠪᠦᠲᠦᠮᠵᠢᠲᠡᠶ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠥᠬᠡᠶ᠂ ᠣᠷᠣᠨ ᠪᠦᠰᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠪᠠ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠭᠡᠯ ᠤᠨ ᠪᠠᠭᠤᠳᠠᠯ ᠤᠨ ᠪᠠᠶᠢᠷᠢᠰᠢᠯ ᠢ ᠲᠡᠭᠦᠯᠳᠡᠷᠵᠢᠭᠦᠯᠵᠦ᠂ ᠭᠠᠳᠠᠭᠠᠳᠤ ᠯᠤᠭ᠎ᠠ ᠶᠢᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠤᠨ᠂ ᠮᠠᠨ ᠤ ᠠᠶᠢᠮᠠᠭ ᠴᠢᠨᠠᠭᠰᠢᠯᠠᠪᠠᠯ ᠪᠠᠷᠠᠭᠤᠨ ᠬᠤᠶᠢᠲᠤ ᠣᠷᠣᠨ ᠤ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠬᠢᠭᠤᠯᠵᠤ᠂ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠢ ᠪᠠᠬᠢᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ 
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号