ᠣᠶᠢᠷ᠎ᠠ ᠳᠤ᠂ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ︽ᠠᠯᠠᠱᠠ ᠠᠶᠢᠮᠠᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠦᠨ | ︿ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠬᠦᠢᠴᠡᠳᠭᠡᠬᠦ﹀ ᠶᠢ ᠠᠬᠢᠭᠤᠯᠬᠤ ᠳᠣᠬᠠᠢ ᠬᠡᠷᠡᠭᠵᠢᠭᠦᠯᠬᠦ ᠲᠥᠰᠦᠯ︾ | ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ﹇2024﹈ 41 ᠳ᠋ᠦ᠋ᠭᠡᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ | ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠶᠢᠨ ᠬᠠᠮᠢᠶ᠎ᠠ ᠪᠥᠬᠦᠶ | ᠠᠭᠤᠯᠭ᠎ᠠ ᠶᠢ ᠨᠠᠩ ᠰᠠᠶᠢᠲᠤᠷ ᠣᠶᠢᠯᠠᠭᠠᠬᠤ ᠳᠤ ᠲᠥᠬᠦᠮ ᠪᠣᠯᠭᠠᠬᠤ ᠶᠢᠨ ᠲᠥᠯᠥᠭᠡ᠂ ᠡᠳᠦᠭᠡ ︽ᠬᠡᠷᠡᠭᠵᠢᠭᠦᠯᠬᠦ | ᠰᠠᠨᠠᠯ︾ ᠤᠨ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠲᠠᠶᠢᠯᠤᠮᠵᠢ ᠬᠢᠶ᠎ᠡ᠃ | ᠠᠰᠠᠭᠤᠯᠲᠠ᠄ ︽ᠬᠡᠷᠡᠭᠵᠢᠭᠦᠯᠬᠦ ᠲᠥᠰᠥᠯ︾ ᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠣᠢ︖ | ᠬᠠᠷᠢᠭᠤᠯᠲᠠ᠄ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠬᠦᠯᠵᠦ ᠵᠠᠰᠠᠭ ᠵᠠᠬᠢᠷᠭᠠᠨ ᠤ | ᠦᠢᠯᠡᠳᠦᠯ ᠴᠢᠳᠠᠪᠬᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ ︿ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ | ᠬᠦᠢᠴᠡᠳᠭᠡᠬᠦ﹀ ᠶᠢ ᠠᠬᠢᠭᠤᠯᠬᠤ ᠳᠣᠬᠠᠢ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ | ︵ᠲᠥᠷᠥ ᠲᠠᠷᠬᠠᠭᠠᠭᠰᠠᠨ ﹇2024﹈ 3 ᠳ᠋ᠤᠭᠠᠷ ᠲᠣᠭᠠᠲᠤ︶ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠢᠯᠢᠳᠡᠭᠵᠢᠬᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ ︿ᠨᠢᠭᠡ | ᠶᠠᠪᠤᠳᠠᠯ ᠢ ᠥᠨᠳᠥᠷ ᠪᠦᠲᠦᠮᠵᠢᠲᠡᠶ ᠪᠠᠷ ᠬᠦᠢᠴᠡᠳᠭᠡᠬᠦ﹀ ᠶᠢ ᠠᠬᠢᠭᠤᠯᠬᠤ ᠳᠣᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ | ᠲᠠᠷᠬᠠᠭᠠᠭᠰᠠᠨ ﹇2024﹈ 15 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ︽ᠨᠢᠭᠡ | ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ | ᠲᠤᠰᠠᠳᠠ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠠᠰᠠᠭᠤᠯᠲᠠ᠄ ︽ᠬᠡᠷᠡᠭᠵᠢᠭᠦᠯᠬᠦ ᠲᠥᠰᠥᠯ︾ ᠳᠤ ᠶᠠᠮᠠᠷ ᠶᠠᠮᠠᠷ ᠠᠵᠢᠯ ᠤᠨ ᠬᠠᠷᠠᠯᠲᠠ ᠶᠢ ᠲᠣᠭᠲᠠᠭᠠᠭᠰᠠᠨ | ᠪᠣᠢ︖ | ᠬᠠᠷᠢᠭᠤᠯᠲᠠ᠄ ︽ᠬᠡᠷᠡᠭᠵᠢᠭᠦᠯᠬᠦ ᠲᠥᠰᠥᠯ︾ ᠳᠤ 2024 ᠣᠨ ᠠᠴᠠ 2027 ᠣᠨ ᠪᠣᠯᠲᠠᠯ᠎ᠠ ︽ᠨᠢᠭᠡ | ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠪᠠᠷ ᠭᠠᠷᠳᠠᠴᠠ ᠪᠣᠯᠭᠠᠵᠤ᠂ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠵᠦᠢᠯᠡᠰ ᠤᠨ ᠬᠡᠷᠡᠭᠯᠡᠯᠲᠡ ᠳᠡᠯᠭᠡᠷᠡᠭᠦᠯᠦᠯᠲᠡ ᠶᠢ | ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠢ ᠨᠢᠭᠡᠳᠦᠯᠲᠡᠶ ᠲᠥᠯᠥᠪᠯᠡᠨ᠂ ᠨᠢᠭᠡᠳᠦᠭᠡᠷ ᠪᠦᠯᠦᠭ ᠤᠨ ︽ᠨᠢᠭᠡ | ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠦ᠂ | ᠵᠣᠩᠬᠢᠯᠠᠬᠤ ᠵᠦᠢᠯ ᠢ ᠬᠠᠮᠣᠷᠣᠭᠰᠠᠨ᠂ ᠣᠶᠣᠨᠴᠢ ᠳᠦᠬᠦᠮ᠂ ᠡᠷᠭᠡ ᠳᠡᠭᠰᠢ ᠬᠠᠷᠠᠭᠠᠯᠵᠠᠯ ᠲᠠᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ︽ᠮᠥᠩᠬᠡ ᠰᠣᠪᠠᠭ · | ᠰᠢᠯᠢᠳᠡᠭ ᠦᠢᠯᠡᠴᠢᠯᠡᠭᠡ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠠᠲᠠᠭᠤ ᠠᠷᠭ᠎ᠠ ᠬᠡᠮᠵᠢᠶ᠎ᠡ︾ ᠪᠠᠷ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠤᠨ ︽ᠵᠦᠬᠡᠯᠡᠨ ᠪᠣᠳᠠᠳᠣ ᠬᠦᠴᠦᠨ︾ ᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ | ᠠᠵᠢᠯ ᠶᠠᠪᠤᠳᠠᠯ ᠭᠦᠢᠴᠡᠳᠬᠡᠬᠦ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠶᠡᠭᠡ ᠪᠠᠷ | ᠳᠡᠭᠡᠭᠰᠢᠯᠡᠭᠦᠯᠦᠨ᠎ᠡ᠃ | ᠠᠰᠠᠭᠤᠯᠲᠠ᠄ ᠮᠠᠨ ᠤ ᠠᠶᠢᠮᠠᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠤᠨ | ᠪᠠᠶᠢᠭᠤᠯᠤᠯᠲᠠ ᠶᠢ ᠶᠠᠮᠠᠷ ᠲᠠᠯ᠎ᠠ ᠪᠠᠷ ᠴᠢᠩᠭᠠᠳᠬᠠᠬᠤ ᠪᠣᠶ︖ | ᠬᠠᠷᠢᠭᠤᠯᠲᠠ᠄ ︽ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ︾ ᠵᠠᠷᠴᠢᠮ ᠶᠣᠰᠣᠭᠠᠷ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ ︽ᠨᠢᠭᠡ ᠯᠡ ᠡᠭᠦᠳᠡ ᠪᠠᠷ ᠣᠷᠣᠬᠤ︾ ᠶᠢ ᠭᠦᠨᠵᠡᠭᠡᠢ ᠠᠬᠢᠭᠤᠯᠤᠨ᠎ᠠ᠃ ᠡᠯ᠎ᠡ | ᠡᠭᠦᠷᠭᠡ ᠴᠢᠳᠠᠮᠵᠢᠳᠣ ᠰᠠᠯᠠᠭ᠎ᠠ ᠮᠥᠴᠢᠷ ᠤᠨ ᠵᠦᠢᠯᠡᠰ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯᠲᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠬᠤ ᠶᠢ ᠦᠷᠭᠦᠯᠵᠢᠯᠡᠨ ᠠᠬᠢᠭᠤᠯᠵᠤ᠂ ᠨᠢᠭᠡᠳᠦᠯᠲᠡᠶ | ᠬᠦᠯᠢᠶᠡᠨ ᠠᠪᠴᠤ ᠬᠦᠢᠴᠡᠳᠭᠡᠬᠦ ᠪᠠ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠬᠡᠨ᠎ᠡ᠃ ᠤᠴᠢᠷ ᠶᠠᠪᠤᠳᠠᠯ ᠢ | ᠬᠥᠳᠡᠯᠦᠩᠭᠦᠶ ᠪᠠᠷ ᠬᠠᠮᠢᠶᠠᠷᠬᠤ ᠲᠣᠭᠲᠠᠴᠠ ᠶᠢ ᠬᠡᠷᠡᠭᠵᠢᠭᠦᠯᠵᠦ᠂ ᠴᠣᠩᠬᠤᠪᠴᠢ ᠳᠤ ᠡᠷᠬᠡ ᠣᠯᠭᠤᠬᠤ ᠶᠢ ᠦᠨᠡᠨ ᠬᠦ | ᠪᠠᠲᠤᠯᠠᠵᠤ᠂ ᠤᠴᠢᠷ ᠶᠠᠪᠤᠳᠠᠯ ᠢ ︽ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠵᠤ᠂ ᠭᠦᠢᠴᠡᠳᠬᠡᠪᠡᠰᠦ | ᠵᠣᠬᠢᠬᠤ ᠶᠢ ᠨᠢ ᠪᠦᠬᠦᠨ ᠢ ᠬᠦᠢᠴᠡᠳᠭᠡᠵᠦ︾᠂ ᠶᠡᠷᠦᠩᠬᠡᠶᠢᠯᠡᠭᠰᠡᠨ ᠴᠣᠩᠬᠤᠪᠴᠢ ᠳᠤ ︽ᠬᠦᠯᠢᠶᠡᠨ ᠠᠪᠴᠤ | ᠬᠦᠢᠴᠡᠳᠭᠡᠪᠡᠰᠦ ᠵᠣᠬᠢᠬᠤ ᠶᠢ ᠨᠢ ᠪᠦᠬᠦᠨ ᠢ ᠬᠦᠯᠢᠶᠡᠨ ᠠᠪᠴᠤ ᠬᠦᠢᠴᠡᠳᠭᠡᠨ᠎ᠡ︾᠃ ᠥᠨᠳᠥᠷ ᠳᠠᠪᠲᠠᠮᠵᠢᠲᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠤᠨᠴᠢ ᠪᠠᠷ ᠬᠦᠢᠴᠡᠳᠭᠡᠬᠦ ᠶᠢ ᠠᠬᠢᠭᠤᠯᠵᠤ᠂ ᠥᠨᠳᠥᠷ | ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ᠂ ᠭᠠᠷ ᠣᠳᠠᠰᠣ ᠪᠠᠷ | ᠬᠦᠢᠴᠡᠳᠭᠡᠭᠰᠡᠨ᠂ ᠨᠢᠭᠡ ᠯᠡ ᠤᠳᠠᠭ᠎ᠠ ᠳᠤ ᠬᠦᠢᠴᠡᠳᠭᠡᠭᠰᠡᠨ᠂ ᠣᠷᠣᠨ ᠪᠦᠰᠡ ᠠᠯᠤᠰᠯᠠᠨ ᠬᠦᠢᠴᠡᠳᠭᠡᠭᠰᠡᠨ᠂ | ᠣᠶᠢᠷ᠎ᠠ ᠬᠠᠪᠢ ᠳᠠᠭᠠᠨ ᠬᠦᠢᠴᠡᠳᠭᠡᠭᠰᠡᠨ ᠵᠡᠷᠭᠡ ᠪᠠᠶᠢᠳᠠᠯ ᠢ ᠪᠦᠷᠢᠳᠬᠡᠨ ᠳᠡᠪᠳᠡᠷᠯᠡᠵᠦ᠂ ᠵᠦᠢᠯᠡᠰ ᠤᠨ ᠨᠠᠷᠢᠨ | ᠬᠠᠭᠤᠳᠠᠰᠤ ᠶᠢ ᠪᠣᠶ ᠪᠣᠯᠭᠠᠨ᠂ ᠠᠵᠢᠯ ᠶᠠᠪᠤᠳᠠᠯ ᠬᠦᠢᠴᠡᠳᠭᠡᠬᠦ ᠶᠠᠪᠣᠴᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ | ︽ᠮᠦᠩᠭᠡ ᠰᠤᠪᠠᠭ︾ ᠨᠠᠷᠠᠲᠤ ᠲᠡᠮᠳᠡᠭᠲᠦ ᠶᠢ ᠣᠯᠠᠨ ᠠᠷᠭ᠎ᠠ ᠵᠠᠮ᠂ ᠣᠯᠠᠨ ᠠᠷᠭ᠎ᠠ ᠮᠠᠶ᠋ᠢᠭ ᠢᠶᠠᠷ ᠤᠬᠠᠭᠤᠯᠵᠤ᠂ | ᠣᠶᠢᠯᠠᠭᠠᠬᠤ ᠬᠡᠮᠵᠢᠶ᠎ᠡ ᠪᠠ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠤᠯ | ᠡᠭᠦᠷᠭᠡ ᠴᠢᠳᠠᠮᠵᠢ ᠶᠢᠨ ᠲᠣᠭᠤᠷᠢᠨ ᠳᠤ᠂ 12345 ᠤᠲᠠᠰᠤᠨ ᠤ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠦᠢᠯᠡᠳᠦᠯ ᠴᠢᠳᠠᠪᠬᠢ ᠶᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ︽ᠨᠢᠭᠡᠳᠦᠭᠡᠷ ᠴᠣᠩᠬᠤᠪᠴᠢ︾ ᠶᠢᠨ ᠡᠶᠡᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ | ᠤᠲᠠᠰᠤ ᠶᠢ ᠨᠡᠶᠢᠯᠡᠭᠦᠯᠦᠨ ᠨᠢᠭᠡᠳᠬᠡᠬᠦ ᠶᠢ ᠦᠷᠭᠦᠯᠵᠢᠯᠡᠨ ᠠᠬᠢᠭᠤᠯᠵᠤ᠂ ᠨᠡᠶᠢᠯᠡᠭᠦᠯᠬᠦ ᠶᠣᠰᠣᠲᠠᠶ ᠶᠢ ᠨᠢ ᠴᠥᠮ ᠢ | ᠨᠡᠶᠢᠯᠡᠭᠦᠯᠦᠨ᠎ᠡ᠃ ᠴᠢᠬᠤᠯᠠ ᠵᠠᠩᠭᠢᠯᠠᠭ᠎ᠠ ᠶᠢᠨ ᠴᠡᠭ᠂ ᠭᠤᠤᠯᠳᠠᠯᠭ᠎ᠠ ᠲᠠᠢ ᠴᠠᠭ ᠦᠶ᠎ᠡ ᠶᠢᠨ ᠬᠠᠯᠠᠭᠤᠨ ᠬᠦᠰᠡᠯ | ᠱᠠᠭᠠᠷᠳᠠᠯᠭ᠎ᠠ ᠳᠤ ᠴᠢᠭᠯᠡᠭᠦᠯᠦᠨ᠂ ᠬᠡᠷᠡᠭᠴᠡᠭᠡ ᠶᠣᠰᠣᠭᠠᠷ ︽ᠲᠤᠰᠬᠠᠶ ᠣᠳᠠᠰᠣ︾ ᠶᠢ ᠳᠣᠬᠢᠷᠠᠭᠤᠯᠵᠦ᠂ | ᠤᠲᠠᠰᠤᠨ ᠤ ᠡᠬᠢ ᠪᠠᠶᠠᠯᠢᠭ ᠢ ᠵᠦᠶ ᠵᠣᠬᠢᠰᠲᠠᠶ ᠬᠤᠪᠢᠶᠠᠷᠢᠯᠠᠨ᠎ᠠ᠃ 12345 ᠤᠲᠠᠰᠤ ᠪᠠ 110 ᠴᠠᠭᠳᠠᠭ᠎ᠠ ᠳᠤ | ᠮᠡᠳᠡᠭᠦᠯᠬᠦ ᠦᠢᠯᠡᠴᠢᠯᠡᠬᠡᠨ ᠤ ᠲᠠᠪᠴᠠᠩ ᠤᠨ ᠬᠠᠮᠵᠢᠯᠴᠠᠬᠤ ᠲᠣᠭᠲᠠᠴᠠ ᠶᠢ ᠰᠢᠯᠢᠳᠡᠭᠵᠢᠭᠦᠯᠵᠦ᠂ ᠴᠠᠭᠳᠠᠭᠠᠨ ᠤ | ᠪᠤᠰᠤ ᠳᠣᠰᠠᠯᠠᠮᠵᠢ ᠭᠤᠶᠣᠬᠤ ᠶᠢ ᠵᠦᠶ ᠵᠣᠬᠢᠰᠲᠠᠶ ᠳᠣᠬᠢᠷᠠᠭᠤᠯᠣᠨ᠎ᠠ᠃ ᠣᠶᠢᠷ᠎ᠠ ᠬᠠᠪᠢ ᠳᠠᠭᠠᠨ ᠬᠦᠢᠴᠡᠳᠬᠡᠵᠦ | ᠪᠣᠯᠬᠤ ᠶᠢ ᠭᠦᠨᠵᠡᠭᠡᠶᠢᠷᠡᠭᠦᠯᠵᠦ᠂ ᠥᠪᠡᠰᠦᠪᠡᠨ ᠠᠵᠢᠯ ᠶᠠᠪᠤᠳᠠᠯ ᠬᠦᠢᠴᠡᠳᠬᠡᠬᠦ ᠳᠤ ︽ᠨᠢᠭᠡ ᠮᠠᠰᠢᠨ ᠢᠶᠠᠷ | ᠬᠦᠢᠴᠡᠳᠬᠡᠬᠦ︾ ᠶᠢ ᠠᠬᠢᠭᠤᠯᠤᠨ᠎ᠠ᠃ 24 ᠴᠠᠭ ᠤᠨ ᠥᠪᠡᠰᠦᠪᠡᠨ ᠦᠢᠯᠡᠴᠢᠯᠡᠬᠦ ᠲᠣᠭᠤᠷᠢᠭ ᠤᠨ ᠦᠢᠯᠡᠴᠢᠯᠡᠭᠡᠨ ᠤ | ᠦᠵᠦᠭᠦᠷ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠣᠩᠬᠤᠪᠴᠢ ᠪᠠ ᠥᠪᠡᠰᠦᠪᠡᠨ | ᠦᠢᠯᠡᠴᠢᠯᠡᠬᠦ ᠦᠵᠦᠭᠦᠷ ᠤᠨ ᠨᠢᠭᠡᠳᠦᠯᠲᠡᠶ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠤᠨ᠎ᠠ᠃ | ᠠᠰᠠᠭᠤᠯᠲᠠ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠵᠠᠭᠪᠤᠷ ᠢ ᠰᠢᠯᠢᠳᠡᠭᠵᠢᠭᠦᠯᠬᠦ ᠲᠠᠯ᠎ᠠ ᠪᠠᠷ᠂ | ︽ᠬᠡᠷᠡᠭᠵᠢᠭᠦᠯᠬᠦ ᠲᠥᠰᠦᠯ︾ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ | ᠬᠠᠷᠢᠭᠤᠯᠲᠠ᠄ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠲᠥᠷᠥᠭᠳᠡᠯ ᠤᠨ | ᠬᠠᠷᠠᠭᠠᠰᠤ ᠠᠴᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠵᠠᠮ ᠢᠶᠠᠷ ᠭᠦᠢᠴᠡᠳᠬᠡᠬᠦ | ᠴᠤᠪᠤᠷᠠᠯ ᠢ ᠡᠮᠬᠢᠯᠡᠨ ᠨᠡᠶᠢᠯᠡᠭᠦᠯᠵᠦ᠂ ︽ᠨᠢᠭᠡ ᠶᠠᠪᠤᠳᠠᠯ︾ ᠤᠨ ᠵᠦᠢᠯᠡᠰ ᠢ ᠪᠠᠷᠢᠮᠵᠢᠶᠠᠵᠢᠭᠤᠯᠤᠨ ᠲᠣᠬᠢᠷᠠᠭᠤᠯᠬᠤ ᠶᠢ | ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ︽5+8+3+N︾ ︽ᠨᠢᠭᠡ ᠶᠠᠪᠤᠳᠠᠯ︾ ᠤᠨ | ᠠᠵᠢᠯ ᠤᠨ ᠬᠠᠷᠠᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠠᠯᠠᠱᠠ ᠶᠢᠨ ᠣᠨᠴᠠᠯᠢᠭᠲᠤ ︽ᠨᠢᠭᠡ ᠶᠠᠪᠤᠳᠠᠯ︾ ᠤᠨ | ᠦᠢᠯᠡᠴᠢᠯᠡᠭᠡ ᠶᠢ ᠶᠡᠬᠡᠪᠡᠷ ᠢᠯᠡᠷᠡᠭᠦᠯᠵᠦ᠂ ᠬᠤᠯᠪᠣᠭᠳᠠᠬᠤ ᠴᠢᠨᠠᠷ ᠢᠶᠠᠷ ᠴᠢᠩᠭ᠎ᠠ᠂ ᠭᠦᠢᠴᠡᠳᠬᠡᠬᠦ ᠬᠡᠮᠵᠢᠶ᠎ᠡ ᠪᠠᠷ ᠶᠡᠭᠡ | ᠂ ᠰᠢᠢᠳᠪᠦᠷᠢᠯᠡᠬᠦ ᠴᠠᠭ ᠨᠢ ᠬᠠᠷᠢᠴᠠᠩᠭᠤᠶ ᠲᠥᠪᠯᠡᠷᠡᠭᠰᠡᠨ ᠥᠨᠳᠥᠷ ᠳᠠᠪᠲᠠᠮᠵᠢᠲᠤ ᠵᠦᠢᠯᠡᠰ ᠲᠤ ᠴᠢᠭᠯᠡᠭᠦᠯᠦᠨ᠂ ᠨᠢᠭᠡ | ᠪᠦᠯᠦᠭ ᠥᠪᠡᠷᠮᠢᠴᠡ ᠣᠨᠴᠠᠯᠢᠭ ᠲᠠᠢ ︽ᠨᠢᠭᠡ ᠶᠠᠪᠤᠳᠠᠯ︾ ᠢ ᠲᠥᠪᠯᠡᠷᠡᠭᠦᠯᠦᠨ ᠭᠦᠢᠴᠡᠳᠬᠡᠨ᠎ᠠ᠃ ︽ᠮᠤᠵᠢ | ᠠᠯᠤᠰᠯᠠᠨ ᠨᠡᠶᠢᠳᠡᠮ ᠭᠦᠢᠴᠡᠳᠭᠡᠬᠦ︾᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾᠂ ︽ᠪᠥᠬᠦ ᠠᠶᠢᠮᠠᠭ ᠲᠤ | ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ︽ᠣᠷᠣᠨ | ᠪᠦᠰᠡ ᠠᠯᠤᠰᠯᠠᠨ ᠨᠡᠶᠢᠳᠡᠮ ᠭᠦᠢᠴᠡᠳᠭᠡᠬᠦ︾ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠵᠠᠭᠪᠤᠷ ᠢ ᠢᠳᠡᠪᠬᠢᠲᠡᠶ | ᠳᠡᠯᠭᠡᠷᠡᠭᠦᠯᠦᠨ ᠬᠡᠷᠡᠭᠯᠡᠵᠦ᠂ ︽ᠪᠥᠬᠦ ᠠᠶᠢᠮᠠᠭ ᠲᠤ ᠨᠡᠶᠢᠳᠡᠮ ᠭᠦᠢᠴᠡᠳᠭᠡᠬᠦ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ 70 ᠵᠦᠢᠯᠡᠰ ᠢ ᠳᠣᠬᠢᠷᠠᠭᠤᠯᠣᠨ᠎ᠠ᠃ ᠬᠠᠤᠯᠢ ᠴᠠᠭᠠᠵᠠ ᠲᠣᠭᠲᠠᠭᠠᠯ ᠳᠤ ᠳᠣᠷᠠᠳᠣᠭᠰᠠᠨ | ᠲᠣᠳᠣᠷᠬᠠᠶ ᠱᠠᠭᠠᠷᠳᠠᠯᠭ᠎ᠠ ᠶᠣᠰᠣᠭᠠᠷ ᠬᠦᠢᠴᠡᠳᠭᠡᠬᠦ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠡᠮᠬᠢᠯᠡᠵᠦ᠂ | ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠣᠯᠠᠨ ᠲᠦᠮᠡᠨ ᠤ ᠭᠤᠶᠤᠴᠢᠯᠠᠯ ᠤᠨ ᠬᠦᠰᠦᠨᠦᠭᠲᠦ ᠶᠢ ᠠᠦ᠋ᠲ᠋ᠣ᠋ | ᠪᠣᠶ ᠪᠣᠯᠭᠠᠬᠤ᠂ ᠭᠤᠶᠤᠴᠢᠯᠠᠯ ᠤᠨ ᠮᠠᠲ᠋ᠧᠷᠢᠶᠠᠯ ᠢ ᠠᠦ᠋ᠲ᠋ᠣ᠋ ᠰᠢᠯᠵᠢᠭᠦᠯᠦᠨ ᠬᠡᠷᠡᠭᠯᠡᠬᠦ ᠶᠢᠨ ᠬᠠᠮᠲᠤ | ᠰᠠᠨᠠᠭᠠᠴᠢᠯᠠᠭ᠎ᠠ ᠠᠴᠠ ᠪᠠᠨ ᠨᠠᠷᠢᠯᠢᠭ ᠣᠨᠣᠪᠴᠢᠳᠠᠢ ᠪᠠᠷ ᠬᠦᠷᠭᠡᠨ ᠥᠭᠴᠦ᠂ ᠰᠠᠶᠢᠨ ᠳᠤᠷ᠎ᠠ ᠠᠴᠠ ᠪᠠᠨ | ᠭᠤᠶᠤᠴᠢᠯᠠᠬᠤ ᠳᠤ ᠲᠥᠬᠦᠮ ᠦᠵᠡᠭᠦᠯᠦᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠦᠷᠦᠯ | ᠵᠦᠢᠯ ᠳᠤ ︽ᠨᠢᠬᠡ ᠳᠤ ᠨᠢᠬᠡ ᠬᠠᠷᠠᠭᠠᠯᠵᠠᠭᠤᠯᠬᠤ︾ ᠳᠠᠭᠠᠭᠠᠴᠢᠯᠠᠨ ᠬᠠᠷᠢᠯᠴᠠᠬᠤ ᠶᠢ ᠬᠡᠷᠡᠭᠵᠢᠭᠦᠯᠦᠨ᠎ᠡ᠃ | ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠠᠵᠢᠯ ᠤᠨ ᠥᠷᠲᠡᠭᠡ ᠳᠤ ᠪᠥᠬᠦ ᠶᠠᠪᠤᠴᠠ ᠶᠢᠨ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠪᠥᠬᠦ ᠠᠵᠢᠯ ᠤᠨ | ᠬᠤᠭᠤᠴᠠᠭ᠎ᠠ ᠶᠢ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠠᠰᠠᠭᠤᠯᠲᠠ᠄ ᠮᠠᠨ ᠤ ᠠᠶᠢᠮᠠᠭ ᠶᠠᠮᠠᠷ ᠠᠷᠭ᠎ᠠ ᠪᠠᠷᠢᠯ ᠢ ᠬᠡᠷᠡᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠴᠢᠩᠭᠠᠷᠠᠭᠤᠯᠵᠦ ᠳᠣᠭᠠᠴᠢᠯᠠᠯᠳᠠ ᠪᠠᠷ ᠬᠦᠴᠦᠨ ᠣᠯᠭᠤᠵᠦ ᠳᠦᠬᠦᠮᠴᠢᠯᠡᠬᠦ ᠠᠵᠢᠯ ᠢ ᠴᠢᠩᠭᠠᠳᠬᠠᠬᠤ ᠪᠣᠶ︖ | ᠬᠠᠷᠢᠭᠤᠯᠲᠠ᠄ ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ | ᠥᠪᠡᠰᠦᠪᠡᠨ ᠪᠠᠶᠢᠭᠤᠯᠤᠭᠰᠠᠨ ᠰᠢᠰᠲ᠋ᠧᠮ ᠶᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ᠂ | ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡ ᠲᠠᠢ ᠡᠮᠬᠢᠯᠡᠨ ᠨᠡᠶᠢᠯᠡᠬᠦᠯᠬᠦ ᠶᠢ ᠦᠷᠭᠦᠯᠵᠢᠯᠡᠨ ᠠᠬᠢᠭᠤᠯᠵᠤ᠂ | ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠠᠶᠢᠮᠠᠭ ᠤᠨ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ︽ | ᠨᠢᠭᠡ ᠡᠭᠦᠯᠡ ᠨᠢᠭᠡ ᠰᠦᠯᠵᠢᠶ᠎ᠡ ᠨᠢᠭᠡ ᠲᠠᠪᠴᠠᠩ︾ ᠢᠶᠠᠷ ᠭᠤᠤᠯ ᠪᠣᠯᠭᠠᠭᠰᠠᠨ ᠵᠠᠰᠠᠭ ᠤᠨ ᠶᠠᠪᠤᠳᠠᠯ ᠤᠨ | ᠲᠣᠭᠠᠴᠢᠯᠠᠭᠰᠠᠨ ᠦᠨᠳᠦᠰᠦᠨ ᠲᠤᠯᠭᠠᠭᠤᠷᠢᠯᠠᠯ ᠤᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠦᠨ᠎ᠡ᠃ | ᠡᠯᠧᠺᠲᠷᠣᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ | ᠡᠯᠧᠺᠲᠷᠣᠨ ᠭᠡᠷᠡᠴᠢ ᠦᠨᠡᠮᠯᠡᠯ ᠬᠢᠭᠡᠳ ᠪᠣᠳᠠᠲᠤ ᠴᠣᠭᠴᠠ ᠶᠢᠨ ᠭᠡᠷᠡᠴᠢ ᠦᠨᠡᠮᠯᠡᠯ ᠢ ᠵᠡᠷᠭᠡ ᠪᠠᠷ ᠵᠣᠬᠢᠶᠠᠵᠤ | ᠲᠠᠷᠬᠠᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ ᠨᠣᠷᠮ᠎ᠠ ᠶᠢ | 100% ᠳᠤ ᠬᠦᠷᠦᠭᠦᠯᠬᠦ ᠶᠢ ᠪᠠᠳᠣᠯᠠᠨ᠎ᠠ᠃ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ | ᠦᠷᠭᠦᠯᠵᠢᠯᠡᠨ ᠠᠬᠢᠭᠤᠯᠵᠤ᠂ ᠨᠠᠩ ᠣᠯᠠᠨ ᠲᠤᠬᠠᠶᠢᠯᠠᠭᠰᠠᠨ ᠠᠵᠢᠯ ᠢ ᠡᠮᠬᠢᠯᠡᠨ ᠳᠢᠭᠯᠡᠵᠦ᠂ ᠬᠡᠷᠡᠭᠯᠡᠭᠡᠨ ᠤ | ᠲᠠᠯᠠᠪᠤᠷ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠨ᠂ ᠠᠵᠤ ᠠᠬᠤᠶᠢᠯᠠᠯ ᠳᠤ ᠲᠤᠰᠠᠯᠠᠬᠤ ᠦᠢᠯᠡᠴᠢᠯᠡᠭᠡ᠂ | ᠢᠨᠵᠧᠨᠧᠷᠢᠩ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠥᠯᠥ ᠬᠥᠳᠡᠯᠬᠦ ᠬᠥᠷᠥᠩᠭᠡ ᠶᠢᠨ ᠠᠷᠠᠯᠵᠢᠶ᠎ᠠ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠵᠡᠷᠭᠡ ᠥᠨᠳᠥᠷ ᠳᠠᠪᠲᠠᠮᠵᠢᠲᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠭᠡᠷᠡᠴᠢ ᠦᠨᠡᠮᠯᠡᠯ ᠦᠬᠡᠢ ᠪᠠᠷ ᠬᠦᠢᠴᠡᠳᠭᠡᠬᠦ︾ ᠶᠢ ᠠᠬᠢᠭᠤᠯᠤᠨ᠎ᠠ᠃ | ᠤᠬᠠᠭᠤᠯᠤᠨ ᠳᠡᠯᠭᠡᠷᠡᠭᠦᠯᠬᠦ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠬᠠᠮᠢᠶ᠎ᠠ ᠪᠥᠬᠦᠶ | ᠠᠵᠢᠯᠲᠠᠨ ᠤ ᠨᠠᠶᠢᠳᠠᠪᠤᠷᠢᠵᠢᠭᠤᠯᠬᠤ᠂ ᠬᠥᠲᠥᠯᠦᠨ ᠵᠢᠯᠣᠭᠤᠳᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ | ᠠᠵᠤ ᠠᠬᠤᠶᠢᠯᠠᠯ ᠪᠠ ᠣᠯᠠᠨ ᠲᠦᠮᠡᠨ ᠳᠤ ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠦᠵᠡᠭᠳᠡᠯ ᠪᠠ ᠬᠡᠷᠡᠭᠯᠡᠬᠦ | ᠠᠷᠭ᠎ᠠ ᠮᠠᠶ᠋ᠢᠭ ᠢ ᠭᠦᠢᠴᠡᠳ ᠣᠶᠢᠯᠠᠭᠠᠭᠤᠯᠦᠨᠡ᠃ ᠨᠠᠲ᠋ᠦ᠋ᠷᠠᠯ ᠬᠡᠯᠡᠨ ᠤ ᠶᠡᠭᠡ ᠵᠠᠭᠪᠤᠷ ᠵᠡᠷᠭᠡ ᠮᠡᠷᠭᠡᠵᠢᠯ ᠢ | ᠰᠦᠪᠡᠭᠴᠢᠯᠡᠨ ᠬᠡᠷᠡᠭᠯᠡᠵᠦ᠂ ᠰᠦᠯᠵᠢᠶᠡᠨ ᠳᠡᠭᠡᠷᠡᠬᠢ ᠣᠶᠤᠨᠴᠢ ᠦᠢᠯᠡᠴᠢᠯᠡᠭᠡᠨ ᠤ ᠵᠣᠷᠢᠯᠲᠠ ᠶᠢ ᠢᠯᠭᠠᠨ ᠲᠠᠨᠢᠬᠤ ᠪᠠ | ᠨᠠᠷᠢᠯᠢᠭ ᠣᠨᠣᠪᠴᠢᠳᠠᠢ ᠪᠠᠷ ᠬᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠣᠶᠤᠨᠴᠢ ᠠᠰᠠᠭᠤᠯᠲᠠ ᠬᠠᠷᠢᠭᠤᠯᠲᠠ᠂ | ᠣᠶᠤᠨᠴᠢ ᠬᠠᠶᠢᠯᠲᠠ᠂ ᠣᠶᠤᠨᠴᠢ ᠪᠠᠷ ᠵᠢᠯᠣᠭᠤᠳᠣᠨ ᠬᠦᠢᠴᠡᠳᠭᠡᠭᠦᠯᠬᠦ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ | ᠠᠵᠤ ᠠᠬᠤᠶᠢᠯᠠᠯ ᠪᠠ ᠣᠯᠠᠨ ᠲᠦᠮᠡᠨ ᠢ ᠨᠠᠩ ᠰᠠᠶᠢᠨ ᠬᠥᠲᠥᠯᠦᠨ ᠵᠢᠯᠣᠭᠤᠳᠴᠤ ᠪᠠᠶᠢᠭᠠᠳ ᠥᠨᠳᠥᠷ | ᠪᠦᠲᠦᠮᠵᠢᠲᠡᠶ ᠪᠠᠷ ᠤᠴᠢᠷ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠦᠨ᠎ᠡ᠃ |