ᠮᠠᠨ ᠤ ᠠᠶᠢᠮᠠᠭ ᠹᠦᠵᠧᠦ ᠬᠤᠲᠠ ᠲᠠᠢ ᠨᠥᠬᠦᠷᠰᠡᠭ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/9
    10 ᠰᠠᠷ᠎ᠠ ᠶᠢᠨ 2 ᠤᠨ ᠡᠳᠦᠷ᠂ ᠹᠦᠵᠧᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠥᠬᠦᠷᠰᠡᠭ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠪᠠᠷ ᠪᠤᠯᠪᠠ᠃    ᠲᠣᠰ ᠤᠳᠠᠭᠠᠨ ᠤ ᠬᠠᠮᠲᠤᠷᠠᠯᠴᠠᠭ᠎ᠠ ᠪᠣᠯ ᠬᠤᠶᠠᠷ ᠭᠠᠵᠠᠷ ᠤᠨ ᠵᠠᠰᠠᠭ ᠤᠨ ᠣᠷᠳᠣᠨ ᠤ ︽ᠹᠦᠵᠧᠦ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠯᠠᠱᠠ ᠠᠶᠢᠮᠠᠭ ᠤᠨ ᠵᠠᠬᠢᠷᠭ᠎ᠠ ᠨᠥᠬᠦᠷᠰᠡᠭ ᠬᠤᠲᠠ ᠠᠶᠢᠮᠠᠭ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠨᠥᠬᠦᠷᠰᠡᠭ ᠬᠤᠲᠠ ᠠᠶᠢᠮᠠᠭ ᠢ ᠪᠠᠶᠢᠭᠤᠯᠤᠭᠰᠠᠨ ᠣᠷᠳᠣ ᠬᠤᠭᠤᠴᠠᠭᠠᠨ ᠤ ᠲᠣᠭᠲᠠᠭᠤᠨ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ᠂ ᠳᠡᠮᠵᠢᠨ ᠲᠤᠰᠠᠯᠠᠬᠤ ᠲᠣᠭᠲᠠᠴᠠ ᠳᠤ ᠰᠠᠭᠤᠷᠢᠯᠠᠨ᠂ ᠬᠤᠶᠠᠷ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠹᠦᠵᠧᠦ ᠬᠤᠲᠠ ᠶᠢᠨ ᠴᠢᠨᠠᠷ ᠰᠠᠶᠢᠲᠠᠶ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠳᠡᠮᠵᠢᠨ ᠲᠤᠰᠠᠯᠠᠬᠤ ᠪᠠ ᠳᠠᠶᠢᠴᠢᠯᠠᠬᠤ ᠦᠢᠯᠡᠳᠦᠯ ᠢ ᠢᠳᠡᠪᠬᠢᠲᠡᠶ ᠪᠠᠳᠠᠷᠠᠭᠤᠯᠤᠨ᠂ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ᠂ ᠲᠤᠰᠬᠠᠶ ᠮᠡᠷᠭᠡᠵᠢᠯ ︵ᠬᠢᠴᠢᠶᠡᠯ ᠲᠥᠷᠥᠯ︶ ᠤᠨ ᠬᠥᠭᠵᠢᠯᠲᠡ ᠶᠢ ᠠᠬᠢᠭᠤᠯᠬᠤ᠂ ᠬᠠᠮᠢᠶᠠᠷᠤᠯᠲᠠ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠬᠠᠮᠲᠤᠷᠠᠯᠴᠠᠨ ᠠᠵᠢᠯᠯᠠᠬᠤ ᠪᠤᠯᠤᠨ᠎ᠠ᠃    ᠬᠡᠯᠡᠯᠴᠡᠭᠡᠷ ᠶᠤᠰᠤᠭᠠᠷ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠠᠵᠢᠯᠲᠠᠨ ᠰᠣᠩᠭᠤᠨ ᠰᠤᠷᠤᠯᠴᠠᠯᠭ᠎ᠠ ᠪᠣᠯᠪᠠᠰᠤᠷᠠᠯ ᠳᠤ ᠣᠷᠣᠯᠴᠠᠭᠤᠯᠬᠤ᠂ ᠹᠦᠵᠧᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯ ᠣᠷᠣᠭᠤᠯᠬᠤ᠂ ᠵᠢᠭᠠᠨ ᠵᠢᠯᠣᠭᠤᠳᠬᠤ ᠵᠡᠷᠭᠡ ᠬᠡᠯᠪᠡᠷᠢ ᠮᠠᠶ᠋ᠢᠭ ᠢᠶᠠᠷ ᠳᠠᠮᠵᠢᠭᠤᠯᠤᠨ᠂ ᠹᠦᠵᠧᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠮᠵᠢᠯᠲᠠ ᠲᠠᠢ ᠲᠤᠷᠰᠢᠯᠭ᠎ᠠ ᠪᠠ ᠳᠠᠪᠠᠭᠤᠯᠢᠭ ᠠᠷᠭ᠎ᠠ ᠬᠢᠳᠡᠯ ᠢ ᠰᠤᠷᠤᠯᠴᠠᠵᠤ᠂ ︽ᠡᠮᠨᠡᠯᠭᠡ ᠶᠢᠨ ᠬᠤᠷᠢᠶ᠎ᠠ ᠨᠢ ᠡᠮᠨᠡᠯᠭᠡ ᠶᠢᠨ ᠬᠤᠷᠢᠶ᠎ᠠ ᠶᠢ ᠬᠠᠪᠰᠤᠷᠬᠤ᠂ ᠰᠠᠯᠠᠭ᠎ᠠ ᠨᠢ ᠰᠠᠯᠠᠭ᠎ᠠ ᠪᠠᠨ ᠳᠠᠭᠠᠭᠤᠯᠬᠤ᠂ ᠨᠢᠭᠡ ᠨᠢ ᠣᠯᠠᠨ ᠲᠠᠢ ᠬᠠᠷᠠᠭᠠᠯᠵᠠᠬᠤ᠂ ᠣᠯᠠᠨ ᠨᠢ ᠨᠢᠭᠡ ᠲᠠᠢ ᠪᠠᠨ ᠬᠠᠷᠠᠭᠠᠯᠵᠠᠬᠤ︾ ᠬᠡᠯᠪᠡᠷᠢ ᠪᠠᠷ᠂ ᠹᠦᠵᠧᠦ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠶ ᠮᠡᠷᠭᠡᠵᠢᠯᠲᠡᠨ ᠲᠣᠮᠢᠯᠠᠨ ᠮᠠᠨ ᠤ ᠠᠶᠢᠮᠠᠭ ᠲᠤ ᠢᠷᠡᠬᠦᠯᠵᠦ ᠵᠢᠭᠠᠨ ᠰᠤᠷᠭᠠᠯᠲᠠ᠂ ᠡᠪᠡᠳᠴᠢᠳᠠᠨ ᠤ ᠥᠷᠥᠭᠡ ᠶᠢ ᠪᠠᠶᠢᠴᠠᠭᠠᠬᠤ᠂ ᠲᠤᠰᠬᠠᠶ ᠮᠡᠷᠭᠡᠵᠢᠯᠲᠡᠨ ᠰᠠᠭᠤᠵᠤ ᠡᠮᠴᠢᠯᠡᠬᠦ ︵ᠠᠯᠪᠠᠨ ᠵᠢᠷᠤᠮ ᠤᠨ ᠡᠮᠴᠢᠯᠡᠭᠡ︶᠂ ᠡᠷᠳᠡᠮ ᠰᠢᠨᠵᠢᠯᠡᠭᠡᠨ ᠤ ᠲᠠᠶᠢᠯᠤᠮᠵᠢ ᠬᠢᠬᠦ᠂ ᠮᠡᠷᠭᠡᠵᠢᠯ ᠤᠨ ᠵᠢᠯᠣᠭᠤᠳᠣᠯᠭ᠎ᠠ ᠪᠠ ᠪᠣᠯᠪᠠᠰᠤᠷᠠᠯ ᠵᠡᠷᠭᠡ ᠶᠢ ᠥᠷᠨᠢᠭᠦᠯᠬᠦ ᠪᠣᠯᠤᠨ᠎ᠠ᠃ ᠬᠤᠶᠠᠷ ᠭᠠᠵᠠᠷ ᠤᠨ ︽ᠢᠨᠲ᠋ᠧᠷ ᠰᠦᠯᠵᠢᠶ᠎ᠡ + ᠡᠮᠴᠢᠯᠡᠭᠡ︾ ᠶᠢ ᠬᠠᠮᠵᠢᠯᠴᠠᠭᠤᠯᠤᠨ ᠬᠥᠭᠵᠢᠭᠦᠯᠬᠦ ᠶᠢ ᠢᠳᠡᠪᠬᠢᠲᠡᠶ ᠠᠬᠢᠭᠤᠯᠵᠤ᠂ ᠬᠤᠶᠠᠷ ᠭᠠᠵᠠᠷ ᠤᠨ ᠬᠤᠭᠤᠷᠣᠨᠳᠣᠬᠢ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ ᠪᠠ ᠡᠪᠡᠳᠴᠢᠨ ᠤ ᠵᠦᠶ᠂ ᠬᠡᠷᠡᠯ ᠵᠢᠷᠤᠭ᠂ ᠵᠢᠷᠦᠬᠡᠨ ᠤ ᠴᠠᠬᠢᠯᠭᠠᠨ ᠵᠡᠷᠭᠡ ᠲᠠᠯ᠎ᠠ ᠶᠢᠨ ᠲᠤᠰᠬᠠᠶ ᠰᠠᠯᠠᠭ᠎ᠠ ᠪᠠᠷ ᠣᠨᠣᠰᠢᠯᠠᠬᠤ ᠵᠠᠭᠪᠤᠷ ᠢ ᠪᠠᠶᠢᠭᠤᠯᠤᠨ᠂ ᠬᠦᠴᠢᠷ ᠲᠦᠪᠡᠭᠲᠡᠶ ᠬᠦᠨᠳᠦ ᠲᠦᠭᠰᠢᠭᠦᠷᠢᠲᠡᠶ ᠡᠪᠡᠳᠴᠢᠲᠡᠨ ᠳᠤ ᠠᠯᠤᠰ ᠡᠵᠡᠮᠰᠢᠯ ᠢᠶᠠᠷ ᠡᠮᠴᠢᠯᠡᠬᠦ ᠪᠠ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠢᠵᠢᠯ ᠴᠢᠨᠠᠷ ᠪᠥᠬᠦᠶ ᠣᠨᠣᠰᠢᠯᠠᠨ ᠡᠮᠨᠡᠬᠦ ᠲᠥᠰᠦᠯ ᠢ ᠬᠠᠪᠰᠤᠷᠤᠨ ᠲᠣᠭᠲᠠᠭᠠᠬᠤ ᠪᠤᠯᠤᠨ᠎ᠠ᠃ ᠡᠭᠦᠨ ᠤ ᠬᠠᠮᠲᠤ᠂ ᠴᠢᠳᠠᠪᠤᠷᠢᠲᠠᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠠᠨ ᠤ ᠠᠶᠢᠮᠠᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠶᠢ ᠠᠬᠢᠭᠤᠯᠤᠨ᠂ ᠣᠨᠣᠰᠢᠯᠠᠨ ᠡᠮᠨᠡᠬᠦ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号