ᠮᠠᠨ ᠤ ᠠᠶᠢᠮᠠᠭ ᠲᠤᠮᠤ ᠴᠢᠬᠤᠯᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/9
   ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠠᠶᠢᠮᠠᠭ ᠤᠨ ᠡᠯ᠎ᠡ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠠᠵᠢᠯ ᠵᠣᠭᠰᠣᠯ ᠦᠭᠡᠢ ᠶᠠᠪᠤᠭᠳᠠᠵᠤ᠂ ᠠᠵᠢᠯᠳᠠᠳ ᠲᠤᠩᠭᠠᠯᠠᠭ ᠰᠠᠶᠢᠬᠠᠨ ᠴᠠᠭ ᠠᠭᠤᠷ ᠢ ᠵᠠᠪᠳᠤᠨ ᠪᠠᠷᠢᠯᠭ᠎ᠠ ᠶᠢᠨ ᠡᠮᠦᠨ᠎ᠡ ᠹᠷᠣᠨᠲ ᠲᠤ ᠡᠷᠡᠮᠡᠬᠡᠶᠢᠯᠡᠨ ᠲᠡᠮᠡᠴᠡᠵᠦ᠂ ᠪᠠᠷᠢᠯᠭ᠎ᠠ ᠶᠢᠨ ᠠᠵᠢᠯ ᠤᠨ ᠯᠠᠪᠳᠠᠭᠤᠨ ᠢᠶᠠᠷ ᠠᠬᠢᠬᠤ ᠶᠢ ᠪᠠᠲᠤᠯᠠᠨ᠂ ᠪᠠᠶᠠᠷ ᠤᠨ ᠡᠳᠦᠷ ᠤᠨ ᠬᠠᠮᠤᠭ ᠤᠨ ᠰᠠᠶᠢᠬᠠᠨ ᠬᠦᠭ ᠠᠶᠠᠰ ᠢ ᠴᠤᠤᠷᠢᠶᠠᠲᠤᠭᠤᠯᠪᠠ᠃   ᠶᠦᠨ ᠳ᠋ᠠ ︵ᠠᠯᠠᠱᠠ ᠠᠶᠢᠮᠠᠭ︶ ᠶᠢᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ᠂ ᠠᠵᠢᠯᠴᠢᠳ ᠶᠠᠭ ᠦᠢᠯᠡᠳᠪᠦᠷᠢ ᠶᠢᠨ ᠪᠠᠶᠢᠰᠢᠩ ᠤᠨ ᠪᠣᠯᠣᠳ ᠪᠦᠲᠦᠴᠡᠳᠤ ᠲᠤᠯᠭᠠᠭᠤᠷᠢ ᠶᠢ ᠤᠭᠰᠠᠷᠠᠵᠤ ᠪᠠᠶᠢᠪᠠ᠃ ᠬᠠᠮᠢᠶ᠎ᠠ ᠪᠦᠬᠦᠢ ᠬᠠᠷᠢᠭᠤᠴᠠᠯᠭᠠᠳᠠᠨ ᠤ ᠲᠠᠨᠢᠯᠴᠠᠭᠤᠯᠤᠭᠰᠠᠨ ᠢᠶᠠᠷ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠨᠢᠭᠡᠨᠲᠡ ᠦᠢᠯᠡᠳᠪᠦᠷᠢ ᠶᠢᠨ ᠬᠡᠷ ᠪᠠᠶᠢᠰᠢᠩ᠂ ᠠᠯᠪᠠᠨ ᠠᠰᠠᠷ ᠵᠡᠷᠭᠡ ᠪᠠᠷᠢᠯᠭ᠎ᠠ ᠶᠢᠨ ᠪᠤᠲ᠋ᠤᠨ ᠴᠢᠳᠬᠤᠬᠤ ᠠᠵᠢᠯ ᠢ ᠪᠡᠶᠡᠯᠡᠭᠦᠯᠤᠨ᠂ ᠲᠤᠰ ᠲᠦᠷᠦᠯ ᠵᠦᠢᠯ ᠨᠢ ᠡᠨᠡ ᠵᠢᠯ ᠤᠨ 4 ᠰᠠᠷ᠎ᠠ ᠳᠤ ᠠᠵᠢᠯ ᠢᠶᠠᠨ ᠰᠡᠷᠭᠦᠭᠡᠵᠦ ᠪᠦᠲᠦᠭᠡᠡ ᠪᠠᠶᠢᠭᠤᠯᠵᠤ᠂ 5.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ 100 ᠮᠦ ᠭᠠᠵᠠᠷ ᠡᠵᠡᠯᠡᠨ᠂ ᠭᠤᠣᠯᠳᠠᠭᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠦᠢᠯᠡᠳᠪᠦᠷᠢᠯᠡᠵᠦ᠂ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ ᠪᠠᠷᠤᠭ 6 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠲᠡᠭ ᠢ ᠪᠡᠶᠡᠯᠡᠭᠦᠯᠬᠦ ᠪᠤᠯᠤᠨ᠎ᠠ᠃ ᠳᠡᠭᠡᠳᠦ ᠳᠤᠤᠷᠠᠳᠤ ᠬᠡᠯᠬᠢᠶ᠎ᠡ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠲᠥᠯᠥᠭᠡ᠂ ᠠᠯᠠᠱᠠ ᠠᠶᠢᠮᠠᠭ ᠤᠨ ᠶᠦᠨ ᠳ᠋ᠠ ᠱᠧᠩ ᠨᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠠᠴᠠ ᠰᠡᠭᠦᠯᠴᠢ ᠶᠢᠨ ᠬᠤᠭᠤᠴᠠᠭᠠᠨ ᠳᠤ ᠠᠷᠠᠭᠠᠲᠤ ᠬᠦᠷᠳᠦ ᠂ ᠬᠤᠯᠬᠤᠪᠴᠢ᠂ ᠨᠡᠶᠢᠯᠡᠮᠡᠯ ᠮᠠᠲ᠋ᠧᠷᠢᠶᠠᠯ᠂ ᠡᠯᠧᠺᠲᠷᠣᠨ ᠲᠣᠨᠤᠭ ᠰᠡᠯᠪᠢᠭ᠂ ᠴᠠᠬᠢᠯᠭᠠᠨ ᠮᠠᠰᠢᠨ ᠤ ᠠᠵᠤ ᠠᠬᠤᠶᠢᠯᠠᠯ ᠢ ᠠᠯᠠᠱᠠ ᠶᠢᠨ ᠠᠵᠤ ᠦᠢᠯᠡᠰ ᠤᠨ ᠬᠦᠷᠢᠶᠡᠯᠡᠩ ᠳᠤ ᠣᠷᠣᠭᠤᠯᠬᠤ ᠪᠠᠷ ᠲᠦᠯᠦᠪᠯᠡᠵᠤ᠂ ᠠᠯᠠᠱᠠ ᠶᠢᠨ ᠰᠠᠯᠬᠢᠨ ᠬᠦᠴᠦᠨ ᠤ ᠴᠠᠬᠢᠯᠭᠠᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠠᠶᠢᠨ᠎ᠠ᠃   ᠤᠯᠠᠭᠠᠨᠪᠤᠬ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠴᠠᠭ ᠮᠥᠴᠡ ᠶᠢ ᠠᠮᠵᠢᠨ ᠪᠠᠷᠢᠯᠭ᠎ᠠ ᠶᠢᠨ ᠠᠵᠢᠯ ᠢ ᠠᠬᠢᠭᠤᠯᠵᠤ ᠪᠠᠶᠢᠪᠠ᠃ ᠲᠣᠰ ᠲᠥᠷᠥᠯ ᠵᠦᠢᠯ ᠳᠤ ᠨᠡᠶᠢᠲᠡ 2.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠤᠶᠢᠯᠡᠰ ᠤᠨ ᠨᠡᠭᠡᠭᠡᠯᠳᠡ ᠶᠢᠨ ᠤᠷᠤᠨ ᠤ ᠤᠯᠠᠭᠠᠨᠪᠤᠬ᠎ᠠ ᠠᠵᠤ ᠦᠢᠯᠡᠳᠪᠦᠷᠢ ᠶᠢᠨ ᠬᠦᠷᠢᠶᠡᠯᠡᠩ ᠤᠨ ᠣᠯᠠᠨ ᠠᠵᠤ ᠠᠬᠤᠶᠢᠯᠠᠯ ᠳᠤ ᠠᠶᠤᠯᠭᠦᠶ ᠪᠥᠭᠡᠳ ᠨᠠᠶᠢᠳᠠᠪᠤᠷᠢᠲᠠᠶ ᠴᠠᠬᠢᠯᠭᠠᠨ ᠢ ᠬᠠᠩᠭᠠᠬᠤ ᠪᠣᠯᠤᠨ᠎ᠠ᠃ ᠲᠥᠷᠥᠯ ᠵᠦᠢᠯ ᠤᠨ ᠳᠡᠳ᠋ ᠶᠡᠷᠦᠩᠬᠡᠶ ᠳᠠᠭᠠᠭᠠᠮᠠᠯ ᠼᠦᠢ ᠬᠤᠩ ᠲᠤᠤ ᠲᠠᠨᠢᠯᠴᠠᠭᠤᠯᠬᠤ ᠳᠠᠭᠠᠨ᠂ ᠣᠳᠣᠬᠠᠨ ᠳᠤ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠰᠢᠷᠣᠶ ᠶᠢᠨ ᠪᠠᠷᠢᠯᠭ᠎ᠠ᠂ ᠴᠠᠬᠢᠯᠭᠠᠨ ᠬᠡᠷᠡᠭᠰᠡᠯ ᠤᠨ ᠬᠡᠰᠡᠭ ᠤᠭᠰᠠᠷᠠᠯᠲᠠ ᠶᠢ ᠴᠥᠮ ᠪᠡᠶᠡᠯᠡᠭᠦᠯᠵᠦ᠂ ᠶᠠᠭ ᠲᠣᠬᠢᠷᠠᠭᠤᠯᠤᠨ ᠲᠤᠷᠰᠢᠬᠤ᠂ ᠰᠢᠯᠭᠠᠨ ᠠᠪᠬᠤ᠂ ᠳᠤᠲᠠᠭᠤᠳᠠᠯ ᠢ ᠠᠷᠢᠯᠭᠠᠬᠤ ᠠᠵᠢᠯ ᠢ ᠬᠢᠵᠦ ᠪᠠᠶᠢᠨ᠎ᠠ᠂ ᠡᠨᠡ ᠵᠢᠯ ᠤᠨ 12 ᠰᠠᠷ᠎ᠠ ᠶᠢᠨ 31 ᠤ ᠡᠳᠦᠷ ᠳᠠᠭᠤᠰᠬᠠᠬᠤ ᠪᠠᠷ ᠲᠥᠯᠥᠪᠯᠡᠵᠦ ᠪᠠᠶᠢᠨ᠎ᠠ ᠭᠡᠪᠡ᠃   ᠥᠪᠥᠷ ᠮᠣᠩᠭᠤᠯ ᠤᠨ ᠵᠦᠩ ᠭᠤᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ᠂ 300 ᠭᠠᠷᠤᠢ ᠠᠵᠢᠯᠴᠢᠳ ᠴᠠᠭ ᠨᠡᠮᠡᠨ ᠠᠵᠢᠯᠯᠠᠵᠤ᠂ ᠲᠦᠷᠦᠯ ᠵᠦᠢᠯ ᠢ ᠲᠦᠷᠭᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ ᠪᠠᠶᠢᠨ᠎ᠠ᠃ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 7 ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ 11 ᠰᠠᠷ᠎ᠠ ᠳᠤ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠵᠤ᠂ ᠪᠠᠶᠢᠭᠤᠯᠤᠭᠳᠠᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ ᠪᠠᠷᠤᠭ 14 ᠳ᠋ᠦᠩᠰᠢᠭᠤᠷ ᠲᠥᠭᠦᠷᠢᠭ ᠲᠤ ᠬᠦᠷᠴᠦ᠂ 1.2 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠬᠤ ᠪᠣᠯᠤᠨ᠎ᠠ᠃   ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠪᠥᠬᠦ ᠠᠶᠢᠮᠠᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯᠴᠢᠳ ︽ᠡᠷᠴᠢ ᠵᠣᠷᠢᠭ ᠢᠶᠠᠨ ᠰᠤᠯᠠᠷᠠᠭᠤᠯᠬᠤ ᠥᠬᠡᠶ᠂ ᠠᠶᠢᠵᠠᠮ ᠢᠶᠠᠨ ᠬᠤᠪᠢᠷᠠᠭᠤᠯᠬᠤ ᠥᠬᠡᠶ︾ ᠠᠵᠢᠯ ᠤᠨ ᠡᠷᠴᠢ ᠵᠣᠷᠢᠭ ᠢᠶᠠᠷ ᠪᠠᠷᠢᠯᠭ᠎ᠠ ᠶᠢᠨ ᠨᠢᠭᠡᠳᠦᠭᠡᠷ ᠹᠷᠣᠨᠲ ᠢ ᠪᠠᠲᠤ ᠰᠠᠬᠢᠵᠤ᠂ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠲᠤᠰᠢᠶᠠᠵᠤ᠂ ᠤᠷᠤᠭᠰᠢᠲᠠᠶ ᠠᠰᠢᠭᠯᠠᠯᠲᠠ ᠳᠤ ᠣᠷᠣᠭᠤᠯᠬᠤ ᠳᠤ ᠬᠦᠴᠦᠨ ᠴᠢᠳᠠᠯ ᠢᠶᠠᠨ ᠡᠷᠭᠦᠪᠡ᠃ ᠣᠶᠢᠯᠠᠭᠠᠭᠰᠠᠨ ᠢᠶᠠᠷ᠂ ᠡᠨᠡ ᠵᠢᠯ ᠮᠠᠨ ᠤ ᠠᠶᠢᠮᠠᠭ 134 ᠲᠤᠮᠤ ᠴᠢᠬᠤᠯᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 446 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠪᠤᠢ᠃ 9 ᠰᠠᠷ᠎ᠠ ᠶᠢᠨ ᠰᠡᠭᠦᠯᠴᠢ ᠪᠣᠯᠲᠠᠯ᠎ᠠ᠂ 127 ᠲᠦᠷᠦᠯ ᠵᠦᠢᠯ ᠨᠢ ᠠᠵᠢᠯ ᠢᠶᠠᠨ ᠡᠬᠢᠯᠡᠭᠦᠯᠦᠨ ᠠᠵᠢᠯ ᠢᠶᠠᠨ ᠰᠡᠷᠭᠦᠭᠡᠵᠤ᠂ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ 95% ᠳᠤ ᠬᠦᠷᠴᠦ᠂ 275.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号