︽ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠦᠨ ︿ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠬᠦᠢᠴᠡᠳᠭᠡᠬᠦ﹀ ᠶᠢ ᠠᠬᠢᠭᠤᠯᠬᠤ ᠳᠣᠬᠠᠢ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/10/9
    ᠣᠶᠢᠷ᠎ᠠ ᠳᠤ᠂ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ︽ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠦᠨ ︿ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠬᠦᠢᠴᠡᠳᠭᠡᠬᠦ﹀ ᠶᠢ ᠠᠬᠢᠭᠤᠯᠬᠤ ᠳᠣᠬᠠᠢ ᠬᠡᠷᠡᠭᠵᠢᠭᠦᠯᠬᠦ ᠲᠥᠰᠦᠯ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ﹇2024﹈ 41 ᠳ᠋ᠦ᠋ᠭᠡᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠶᠢᠨ ᠬᠠᠮᠢᠶ᠎ᠠ ᠪᠥᠬᠦᠶ ᠠᠭᠤᠯᠭ᠎ᠠ ᠶᠢ ᠨᠠᠩ ᠰᠠᠶᠢᠲᠤᠷ ᠣᠶᠢᠯᠠᠭᠠᠬᠤ ᠳᠤ ᠲᠥᠬᠦᠮ ᠪᠣᠯᠭᠠᠬᠤ ᠶᠢᠨ ᠲᠥᠯᠥᠭᠡ᠂ ᠡᠳᠦᠭᠡ ︽ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠲᠠᠶᠢᠯᠤᠮᠵᠢ ᠬᠢᠶ᠎ᠡ᠃    ᠠᠰᠠᠭᠤᠯᠲᠠ᠄ ︽ᠬᠡᠷᠡᠭᠵᠢᠭᠦᠯᠬᠦ ᠲᠥᠰᠥᠯ︾ ᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠣᠢ︖    ᠬᠠᠷᠢᠭᠤᠯᠲᠠ᠄ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠬᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠤᠯᠠᠮ ᠨᠢᠭᠡ ᠠᠯᠬᠤᠮ  ᠳᠡᠭᠡᠭᠰᠢᠯᠡᠬᠦᠯᠵᠦ ︿ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠬᠦᠢᠴᠡᠳᠭᠡᠬᠦ﹀ ᠶᠢ ᠠᠬᠢᠭᠤᠯᠬᠤ ᠳᠣᠬᠠᠢ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2024﹈ 3 ᠳ᠋ᠤᠭᠠᠷ ᠲᠣᠭᠠᠲᠤ︶ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠬᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠤᠯᠠᠮ ᠨᠢᠭᠡ ᠠᠯᠬᠤᠮ  ᠳᠡᠭᠡᠭᠰᠢᠯᠡᠬᠦᠯᠵᠦ ︿ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠬᠦᠢᠴᠡᠳᠭᠡᠬᠦ﹀ ᠶᠢ ᠠᠬᠢᠭᠤᠯᠬᠤ ᠳᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2024﹈ 15 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃     ᠠᠰᠠᠭᠤᠯᠲᠠ᠄ ︽ᠬᠡᠷᠡᠭᠵᠢᠭᠦᠯᠬᠦ ᠲᠥᠰᠥᠯ︾  ᠳᠤ ᠶᠠᠮᠠᠷ ᠶᠠᠮᠠᠷ ᠠᠵᠢᠯ  ᠤᠨ ᠬᠠᠷᠠᠯᠲᠠ  ᠶᠢ ᠲᠣᠭᠲᠠᠭᠠᠭᠰᠠᠨ ᠪᠣᠢ︖     ᠬᠠᠷᠢᠭᠤᠯᠲᠠ᠄ ︽ᠬᠡᠷᠡᠭᠵᠢᠭᠦᠯᠬᠦ ᠲᠥᠰᠥᠯ︾ ᠳᠤ 2024 ᠣᠨ ᠠᠴᠠ 2027 ᠣᠨ ᠪᠣᠯᠲᠠᠯ᠎ᠠ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠪᠠᠷ ᠭᠠᠷᠳᠠᠴᠠ ᠪᠣᠯᠭᠠᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠵᠦᠢᠯᠡᠰ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠢ ᠨᠢᠭᠡᠳᠦᠯᠲᠡᠶ ᠲᠥᠯᠥᠪᠯᠡᠨ᠂ ᠨᠢᠭᠡᠳᠦᠭᠡᠷ ᠪᠦᠯᠦᠭ ᠤᠨ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠦ᠂ ᠵᠣᠩᠬᠢᠯᠠᠬᠤ ᠵᠦᠢᠯ ᠢ ᠬᠠᠮᠣᠷᠣᠭᠰᠠᠨ᠂ ᠣᠶᠣᠨᠴᠢ ᠳᠦᠬᠦᠮ᠂ ᠡᠷᠭᠡ ᠳᠡᠭᠰᠢ ᠬᠠᠷᠠᠭᠠᠯᠵᠠᠯ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ︽ᠮᠥᠩᠬᠡ ᠰᠣᠪᠠᠭ · ᠰᠢᠯᠢᠳᠡᠭ ᠦᠢᠯᠡᠴᠢᠯᠡᠭᠡ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠠᠲᠠᠭᠤ ᠠᠷᠭ᠎ᠠ ᠬᠡᠮᠵᠢᠶ᠎ᠡ︾ ᠪᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ︽ᠵᠦᠬᠡᠯᠡᠨ ᠪᠣᠳᠠᠳᠣ ᠬᠦᠴᠦᠨ︾ ᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠶᠡᠭᠡ ᠪᠠᠷ ᠳᠡᠭᠡᠭᠰᠢᠯᠡᠭᠦᠯᠦᠨ᠎ᠡ᠃     ᠠᠰᠠᠭᠤᠯᠲᠠ᠄ ᠮᠠᠨ ᠤ ᠠᠶᠢᠮᠠᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠤᠨ ᠪᠠᠶᠢᠭᠤᠯᠤᠯᠲᠠ ᠶᠢ ᠶᠠᠮᠠᠷ ᠲᠠᠯ᠎ᠠ ᠪᠠᠷ ᠴᠢᠩᠭᠠᠳᠬᠠᠬᠤ ᠪᠣᠶ︖     ᠬᠠᠷᠢᠭᠤᠯᠲᠠ᠄ ︽ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ︾ ᠵᠠᠷᠴᠢᠮ ᠶᠣᠰᠣᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠯᠡ ᠡᠭᠦᠳᠡ ᠪᠠᠷ ᠣᠷᠣᠬᠤ︾ ᠶᠢ ᠭᠦᠨᠵᠡᠭᠡᠢ ᠠᠬᠢᠭᠤᠯᠤᠨ᠎ᠠ᠃ ᠡᠯ᠎ᠡ ᠡᠭᠦᠷᠭᠡ ᠴᠢᠳᠠᠮᠵᠢᠳᠣ ᠰᠠᠯᠠᠭ᠎ᠠ ᠮᠥᠴᠢᠷ ᠤᠨ ᠵᠦᠢᠯᠡᠰ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯᠲᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠬᠤ ᠶᠢ ᠦᠷᠭᠦᠯᠵᠢᠯᠡᠨ ᠠᠬᠢᠭᠤᠯᠵᠤ᠂ ᠨᠢᠭᠡᠳᠦᠯᠲᠡᠶ ᠬᠦᠯᠢᠶᠡᠨ ᠠᠪᠴᠤ ᠬᠦᠢᠴᠡᠳᠭᠡᠬᠦ ᠪᠠ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠬᠡᠨ᠎ᠡ᠃ ᠤᠴᠢᠷ ᠶᠠᠪᠤᠳᠠᠯ ᠢ ᠬᠥᠳᠡᠯᠦᠩᠭᠦᠶ ᠪᠠᠷ ᠬᠠᠮᠢᠶᠠᠷᠬᠤ ᠲᠣᠭᠲᠠᠴᠠ ᠶᠢ ᠬᠡᠷᠡᠭᠵᠢᠭᠦᠯᠵᠦ᠂ ᠴᠣᠩᠬᠤᠪᠴᠢ ᠳᠤ ᠡᠷᠬᠡ ᠣᠯᠭᠤᠬᠤ ᠶᠢ ᠦᠨᠡᠨ ᠬᠦ ᠪᠠᠲᠤᠯᠠᠵᠤ᠂ ᠤᠴᠢᠷ ᠶᠠᠪᠤᠳᠠᠯ ᠢ ︽ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠵᠤ᠂ ᠭᠦᠢᠴᠡᠳᠬᠡᠪᠡᠰᠦ ᠵᠣᠬᠢᠬᠤ ᠶᠢ ᠨᠢ ᠪᠦᠬᠦᠨ ᠢ ᠬᠦᠢᠴᠡᠳᠭᠡᠵᠦ︾᠂ ᠶᠡᠷᠦᠩᠬᠡᠶᠢᠯᠡᠭᠰᠡᠨ ᠴᠣᠩᠬᠤᠪᠴᠢ ᠳᠤ ︽ᠬᠦᠯᠢᠶᠡᠨ ᠠᠪᠴᠤ ᠬᠦᠢᠴᠡᠳᠭᠡᠪᠡᠰᠦ ᠵᠣᠬᠢᠬᠤ ᠶᠢ ᠨᠢ ᠪᠦᠬᠦᠨ ᠢ ᠬᠦᠯᠢᠶᠡᠨ ᠠᠪᠴᠤ ᠬᠦᠢᠴᠡᠳᠭᠡᠨ᠎ᠡ︾᠃ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ᠢ ᠣᠶᠤᠨᠴᠢ ᠪᠠᠷ ᠬᠦᠢᠴᠡᠳᠭᠡᠬᠦ ᠶᠢ ᠠᠬᠢᠭᠤᠯᠵᠤ᠂ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ᠂ ᠭᠠᠷ ᠣᠳᠠᠰᠣ ᠪᠠᠷ ᠬᠦᠢᠴᠡᠳᠭᠡᠭᠰᠡᠨ᠂ ᠨᠢᠭᠡ ᠯᠡ ᠤᠳᠠᠭ᠎ᠠ ᠳᠤ ᠬᠦᠢᠴᠡᠳᠭᠡᠭᠰᠡᠨ᠂ ᠣᠷᠣᠨ ᠪᠦᠰᠡ ᠠᠯᠤᠰᠯᠠᠨ ᠬᠦᠢᠴᠡᠳᠭᠡᠭᠰᠡᠨ᠂ ᠣᠶᠢᠷ᠎ᠠ ᠬᠠᠪᠢ ᠳᠠᠭᠠᠨ ᠬᠦᠢᠴᠡᠳᠭᠡᠭᠰᠡᠨ ᠵᠡᠷᠭᠡ ᠪᠠᠶᠢᠳᠠᠯ ᠢ ᠪᠦᠷᠢᠳᠬᠡᠨ ᠳᠡᠪᠳᠡᠷᠯᠡᠵᠦ᠂ ᠵᠦᠢᠯᠡᠰ ᠤᠨ ᠨᠠᠷᠢᠨ ᠬᠠᠭᠤᠳᠠᠰᠤ ᠶᠢ ᠪᠣᠶ ᠪᠣᠯᠭᠠᠨ᠂ ᠠᠵᠢᠯ ᠶᠠᠪᠤᠳᠠᠯ ᠬᠦᠢᠴᠡᠳᠭᠡᠬᠦ ᠶᠠᠪᠣᠴᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠮᠦᠩᠭᠡ ᠰᠤᠪᠠᠭ︾ ᠨᠠᠷᠠᠲᠤ ᠲᠡᠮᠳᠡᠭᠲᠦ ᠶᠢ ᠣᠯᠠᠨ ᠠᠷᠭ᠎ᠠ ᠵᠠᠮ᠂ ᠣᠯᠠᠨ ᠠᠷᠭ᠎ᠠ ᠮᠠᠶ᠋ᠢᠭ ᠢᠶᠠᠷ ᠤᠬᠠᠭᠤᠯᠵᠤ᠂ ᠣᠶᠢᠯᠠᠭᠠᠬᠤ ᠬᠡᠮᠵᠢᠶ᠎ᠡ ᠪᠠ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃    ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠤᠯ ᠡᠭᠦᠷᠭᠡ ᠴᠢᠳᠠᠮᠵᠢ ᠶᠢᠨ ᠲᠣᠭᠤᠷᠢᠨ ᠳᠤ᠂ 12345 ᠤᠲᠠᠰᠤᠨ ᠤ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠦᠢᠯᠡᠳᠦᠯ ᠴᠢᠳᠠᠪᠬᠢ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ︽ᠨᠢᠭᠡᠳᠦᠭᠡᠷ ᠴᠣᠩᠬᠤᠪᠴᠢ︾ ᠶᠢᠨ ᠡᠶᠡᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠤᠲᠠᠰᠤ ᠶᠢ ᠨᠡᠶᠢᠯᠡᠭᠦᠯᠦᠨ ᠨᠢᠭᠡᠳᠬᠡᠬᠦ ᠶᠢ ᠦᠷᠭᠦᠯᠵᠢᠯᠡᠨ ᠠᠬᠢᠭᠤᠯᠵᠤ᠂ ᠨᠡᠶᠢᠯᠡᠭᠦᠯᠬᠦ ᠶᠣᠰᠣᠲᠠᠶ ᠶᠢ ᠨᠢ ᠴᠥᠮ ᠢ ᠨᠡᠶᠢᠯᠡᠭᠦᠯᠦᠨ᠎ᠡ᠃ ᠴᠢᠬᠤᠯᠠ ᠵᠠᠩᠭᠢᠯᠠᠭ᠎ᠠ ᠶᠢᠨ ᠴᠡᠭ᠂ ᠭᠤᠤᠯᠳᠠᠯᠭ᠎ᠠ ᠲᠠᠢ ᠴᠠᠭ ᠦᠶ᠎ᠡ ᠶᠢᠨ ᠬᠠᠯᠠᠭᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠬᠡᠷᠡᠭᠴᠡᠭᠡ ᠶᠣᠰᠣᠭᠠᠷ ︽ᠲᠤᠰᠬᠠᠶ ᠣᠳᠠᠰᠣ︾ ᠶᠢ ᠳᠣᠬᠢᠷᠠᠭᠤᠯᠵᠦ᠂ ᠤᠲᠠᠰᠤᠨ ᠤ ᠡᠬᠢ ᠪᠠᠶᠠᠯᠢᠭ ᠢ ᠵᠦᠶ ᠵᠣᠬᠢᠰᠲᠠᠶ ᠬᠤᠪᠢᠶᠠᠷᠢᠯᠠᠨ᠎ᠠ᠃ 12345 ᠤᠲᠠᠰᠤ ᠪᠠ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠬᠡᠨ ᠤ ᠲᠠᠪᠴᠠᠩ ᠤᠨ ᠬᠠᠮᠵᠢᠯᠴᠠᠬᠤ ᠲᠣᠭᠲᠠᠴᠠ ᠶᠢ ᠰᠢᠯᠢᠳᠡᠭᠵᠢᠭᠦᠯᠵᠦ᠂ ᠴᠠᠭᠳᠠᠭᠠᠨ ᠤ ᠪᠤᠰᠤ ᠳᠣᠰᠠᠯᠠᠮᠵᠢ ᠭᠤᠶᠣᠬᠤ ᠶᠢ ᠵᠦᠶ ᠵᠣᠬᠢᠰᠲᠠᠶ ᠳᠣᠬᠢᠷᠠᠭᠤᠯᠣᠨ᠎ᠠ᠃ ᠣᠶᠢᠷ᠎ᠠ ᠬᠠᠪᠢ ᠳᠠᠭᠠᠨ ᠬᠦᠢᠴᠡᠳᠬᠡᠵᠦ ᠪᠣᠯᠬᠤ ᠶᠢ ᠭᠦᠨᠵᠡᠭᠡᠶᠢᠷᠡᠭᠦᠯᠵᠦ᠂ ᠥᠪᠡᠰᠦᠪᠡᠨ ᠠᠵᠢᠯ ᠶᠠᠪᠤᠳᠠᠯ ᠬᠦᠢᠴᠡᠳᠬᠡᠬᠦ ᠳᠤ ︽ᠨᠢᠭᠡ ᠮᠠᠰᠢᠨ ᠢᠶᠠᠷ ᠬᠦᠢᠴᠡᠳᠬᠡᠬᠦ︾ ᠶᠢ ᠠᠬᠢᠭᠤᠯᠤᠨ᠎ᠠ᠃ 24 ᠴᠠᠭ ᠤᠨ ᠥᠪᠡᠰᠦᠪᠡᠨ ᠦᠢᠯᠡᠴᠢᠯᠡᠬᠦ ᠲᠣᠭᠤᠷᠢᠭ ᠤᠨ ᠦᠢᠯᠡᠴᠢᠯᠡᠭᠡᠨ ᠤ ᠦᠵᠦᠭᠦᠷ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠣᠩᠬᠤᠪᠴᠢ ᠪᠠ ᠥᠪᠡᠰᠦᠪᠡᠨ ᠦᠢᠯᠡᠴᠢᠯᠡᠬᠦ ᠦᠵᠦᠭᠦᠷ ᠤᠨ ᠨᠢᠭᠡᠳᠦᠯᠲᠡᠶ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠤᠨ᠎ᠠ᠃    ᠠᠰᠠᠭᠤᠯᠲᠠ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠵᠠᠭᠪᠤᠷ ᠢ ᠰᠢᠯᠢᠳᠡᠭᠵᠢᠭᠦᠯᠬᠦ ᠲᠠᠯ᠎ᠠ ᠪᠠᠷ᠂ ︽ᠬᠡᠷᠡᠭᠵᠢᠭᠦᠯᠬᠦ ᠲᠥᠰᠦᠯ︾ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖    ᠬᠠᠷᠢᠭᠤᠯᠲᠠ᠄ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠲᠥᠷᠥᠭᠳᠡᠯ ᠤᠨ ᠬᠠᠷᠠᠭᠠᠰᠤ ᠠᠴᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠵᠠᠮ ᠢᠶᠠᠷ ᠭᠦᠢᠴᠡᠳᠬᠡᠬᠦ ᠴᠤᠪᠤᠷᠠᠯ ᠢ ᠡᠮᠬᠢᠯᠡᠨ ᠨᠡᠶᠢᠯᠡᠭᠦᠯᠵᠦ᠂ ︽ᠨᠢᠭᠡ ᠶᠠᠪᠤᠳᠠᠯ︾ ᠤᠨ ᠵᠦᠢᠯᠡᠰ ᠢ ᠪᠠᠷᠢᠮᠵᠢᠶᠠᠵᠢᠭᠤᠯᠤᠨ ᠲᠣᠬᠢᠷᠠᠭᠤᠯᠬᠤ ᠶᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ︽5+8+3+N︾ ︽ᠨᠢᠭᠡ ᠶᠠᠪᠤᠳᠠᠯ︾ ᠤᠨ ᠠᠵᠢᠯ ᠤᠨ ᠬᠠᠷᠠᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠠᠯᠠᠱᠠ ᠶᠢᠨ ᠣᠨᠴᠠᠯᠢᠭᠲᠤ ︽ᠨᠢᠭᠡ ᠶᠠᠪᠤᠳᠠᠯ︾ ᠤᠨ ᠦᠢᠯᠡᠴᠢᠯᠡᠭᠡ ᠶᠢ ᠶᠡᠬᠡᠪᠡᠷ ᠢᠯᠡᠷᠡᠭᠦᠯᠵᠦ᠂ ᠬᠤᠯᠪᠣᠭᠳᠠᠬᠤ ᠴᠢᠨᠠᠷ ᠢᠶᠠᠷ ᠴᠢᠩᠭ᠎ᠠ᠂ ᠭᠦᠢᠴᠡᠳᠬᠡᠬᠦ ᠬᠡᠮᠵᠢᠶ᠎ᠡ ᠪᠠᠷ ᠶᠡᠭᠡ ᠂ ᠰᠢᠢᠳᠪᠦᠷᠢᠯᠡᠬᠦ ᠴᠠᠭ ᠨᠢ ᠬᠠᠷᠢᠴᠠᠩᠭᠤᠶ ᠲᠥᠪᠯᠡᠷᠡᠭᠰᠡᠨ ᠥᠨᠳᠥᠷ ᠳᠠᠪᠲᠠᠮᠵᠢᠲᠤ ᠵᠦᠢᠯᠡᠰ ᠲᠤ ᠴᠢᠭᠯᠡᠭᠦᠯᠦᠨ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ ︽ᠨᠢᠭᠡ ᠶᠠᠪᠤᠳᠠᠯ︾ ᠢ ᠲᠥᠪᠯᠡᠷᠡᠭᠦᠯᠦᠨ ᠭᠦᠢᠴᠡᠳᠬᠡᠨ᠎ᠠ᠃ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾᠂ ︽ᠪᠥᠬᠦ ᠠᠶᠢᠮᠠᠭ ᠲᠤ ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ︾ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ︽ᠪᠥᠬᠦ ᠠᠶᠢᠮᠠᠭ ᠲᠤ ᠨᠡᠶᠢᠳᠡᠮ ᠭᠦᠢᠴᠡᠳᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 70 ᠵᠦᠢᠯᠡᠰ ᠢ ᠳᠣᠬᠢᠷᠠᠭᠤᠯᠣᠨ᠎ᠠ᠃ ᠬᠠᠤᠯᠢ ᠴᠠᠭᠠᠵᠠ ᠲᠣᠭᠲᠠᠭᠠᠯ ᠳᠤ ᠳᠣᠷᠠᠳᠣᠭᠰᠠᠨ ᠲᠣᠳᠣᠷᠬᠠᠶ ᠱᠠᠭᠠᠷᠳᠠᠯᠭ᠎ᠠ ᠶᠣᠰᠣᠭᠠᠷ ᠬᠦᠢᠴᠡᠳᠭᠡᠬᠦ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠡᠮᠬᠢᠯᠡᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠣᠯᠠᠨ ᠲᠦᠮᠡᠨ ᠤ ᠭᠤᠶᠤᠴᠢᠯᠠᠯ ᠤᠨ ᠬᠦᠰᠦᠨᠦᠭᠲᠦ ᠶᠢ ᠠᠦ᠋ᠲ᠋ᠣ᠋ ᠪᠣᠶ ᠪᠣᠯᠭᠠᠬᠤ᠂ ᠭᠤᠶᠤᠴᠢᠯᠠᠯ ᠤᠨ ᠮᠠᠲ᠋ᠧᠷᠢᠶᠠᠯ ᠢ ᠠᠦ᠋ᠲ᠋ᠣ᠋ ᠰᠢᠯᠵᠢᠭᠦᠯᠦᠨ ᠬᠡᠷᠡᠭᠯᠡᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠨᠠᠷᠢᠯᠢᠭ ᠣᠨᠣᠪᠴᠢᠳᠠᠢ ᠪᠠᠷ ᠬᠦᠷᠭᠡᠨ ᠥᠭᠴᠦ᠂ ᠰᠠᠶᠢᠨ ᠳᠤᠷ᠎ᠠ ᠠᠴᠠ ᠪᠠᠨ ᠭᠤᠶᠤᠴᠢᠯᠠᠬᠤ ᠳᠤ ᠲᠥᠬᠦᠮ ᠦᠵᠡᠭᠦᠯᠦᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠦᠷᠦᠯ ᠵᠦᠢᠯ ᠳᠤ ︽ᠨᠢᠬᠡ ᠳᠤ ᠨᠢᠬᠡ ᠬᠠᠷᠠᠭᠠᠯᠵᠠᠭᠤᠯᠬᠤ︾ ᠳᠠᠭᠠᠭᠠᠴᠢᠯᠠᠨ ᠬᠠᠷᠢᠯᠴᠠᠬᠤ ᠶᠢ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠠᠵᠢᠯ ᠤᠨ ᠥᠷᠲᠡᠭᠡ ᠳᠤ ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠪᠥᠬᠦ ᠠᠵᠢᠯ ᠤᠨ ᠬᠤᠭᠤᠴᠠᠭ᠎ᠠ ᠶᠢ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃     ᠠᠰᠠᠭᠤᠯᠲᠠ᠄ ᠮᠠᠨ ᠤ ᠠᠶᠢᠮᠠᠭ ᠶᠠᠮᠠᠷ ᠠᠷᠭ᠎ᠠ ᠪᠠᠷᠢᠯ ᠢ ᠬᠡᠷᠡᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠩᠭᠠᠷᠠᠭᠤᠯᠵᠦ ᠳᠣᠭᠠᠴᠢᠯᠠᠯᠳᠠ ᠪᠠᠷ ᠬᠦᠴᠦᠨ ᠣᠯᠭᠤᠵᠦ ᠳᠦᠬᠦᠮᠴᠢᠯᠡᠬᠦ ᠠᠵᠢᠯ ᠢ ᠴᠢᠩᠭᠠᠳᠬᠠᠬᠤ ᠪᠣᠶ︖     ᠬᠠᠷᠢᠭᠤᠯᠲᠠ᠄ ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠥᠪᠡᠰᠦᠪᠡᠨ ᠪᠠᠶᠢᠭᠤᠯᠤᠭᠰᠠᠨ ᠰᠢᠰᠲ᠋ᠧᠮ ᠶᠢ  ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ᠂ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡ ᠲᠠᠢ ᠡᠮᠬᠢᠯᠡᠨ ᠨᠡᠶᠢᠯᠡᠬᠦᠯᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠠᠶᠢᠮᠠᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ︽ᠨᠢᠭᠡ ᠡᠭᠦᠯᠡ ᠨᠢᠭᠡ ᠰᠦᠯᠵᠢᠶ᠎ᠡ ᠨᠢᠭᠡ ᠲᠠᠪᠴᠠᠩ︾ ᠢᠶᠠᠷ ᠭᠤᠤᠯ ᠪᠣᠯᠭᠠᠭᠰᠠᠨ ᠵᠠᠰᠠᠭ ᠤᠨ ᠶᠠᠪᠤᠳᠠᠯ ᠤᠨ ᠲᠣᠭᠠᠴᠢᠯᠠᠭᠰᠠᠨ  ᠦᠨᠳᠦᠰᠦᠨ ᠲᠤᠯᠭᠠᠭᠤᠷᠢᠯᠠᠯ ᠤᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠦᠨ᠎ᠡ᠃ ᠡᠯᠧᠺᠲᠷᠣᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠡᠯᠧᠺᠲᠷᠣᠨ ᠭᠡᠷᠡᠴᠢ ᠦᠨᠡᠮᠯᠡᠯ ᠬᠢᠭᠡᠳ ᠪᠣᠳᠠᠲᠤ ᠴᠣᠭᠴᠠ ᠶᠢᠨ ᠭᠡᠷᠡᠴᠢ ᠦᠨᠡᠮᠯᠡᠯ ᠢ ᠵᠡᠷᠭᠡ ᠪᠠᠷ ᠵᠣᠬᠢᠶᠠᠵᠤ ᠲᠠᠷᠬᠠᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ ᠨᠣᠷᠮ᠎ᠠ ᠶᠢ 100% ᠳᠤ ᠬᠦᠷᠦᠭᠦᠯᠬᠦ ᠶᠢ ᠪᠠᠳᠣᠯᠠᠨ᠎ᠠ᠃ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠲᠤᠬᠠᠶᠢᠯᠠᠭᠰᠠᠨ ᠠᠵᠢᠯ ᠢ ᠡᠮᠬᠢᠯᠡᠨ ᠳᠢᠭᠯᠡᠵᠦ᠂ ᠬᠡᠷᠡᠭᠯᠡᠭᠡᠨ ᠤ ᠲᠠᠯᠠᠪᠤᠷ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠨ᠂ ᠠᠵᠤ ᠠᠬᠤᠶᠢᠯᠠᠯ ᠳᠤ ᠲᠤᠰᠠᠯᠠᠬᠤ ᠦᠢᠯᠡᠴᠢᠯᠡᠭᠡ᠂ ᠢᠨᠵᠧᠨᠧᠷᠢᠩ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠥᠯᠥ ᠬᠥᠳᠡᠯᠬᠦ ᠬᠥᠷᠥᠩᠭᠡ ᠶᠢᠨ ᠠᠷᠠᠯᠵᠢᠶ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠵᠡᠷᠭᠡ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠭᠡᠷᠡᠴᠢ ᠦᠨᠡᠮᠯᠡᠯ ᠦᠬᠡᠢ ᠪᠠᠷ ᠬᠦᠢᠴᠡᠳᠭᠡᠬᠦ︾ ᠶᠢ ᠠᠬᠢᠭᠤᠯᠤᠨ᠎ᠠ᠃ ᠤᠬᠠᠭᠤᠯᠤᠨ ᠳᠡᠯᠭᠡᠷᠡᠭᠦᠯᠬᠦ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠬᠠᠮᠢᠶ᠎ᠠ ᠪᠥᠬᠦᠶ ᠠᠵᠢᠯᠲᠠᠨ ᠤ ᠨᠠᠶᠢᠳᠠᠪᠤᠷᠢᠵᠢᠭᠤᠯᠬᠤ᠂ ᠬᠥᠲᠥᠯᠦᠨ ᠵᠢᠯᠣᠭᠤᠳᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠦᠵᠡᠭᠳᠡᠯ ᠪᠠ ᠬᠡᠷᠡᠭᠯᠡᠬᠦ ᠠᠷᠭ᠎ᠠ ᠮᠠᠶ᠋ᠢᠭ ᠢ ᠭᠦᠢᠴᠡᠳ ᠣᠶᠢᠯᠠᠭᠠᠭᠤᠯᠦᠨ᠎ᠡ᠃ ᠨᠠᠲ᠋ᠦ᠋ᠷᠠᠯ ᠬᠡᠯᠡᠨ ᠤ ᠶᠡᠭᠡ ᠵᠠᠭᠪᠤᠷ ᠵᠡᠷᠭᠡ ᠮᠡᠷᠭᠡᠵᠢᠯ ᠢ ᠰᠦᠪᠡᠭᠴᠢᠯᠡᠨ ᠬᠡᠷᠡᠭᠯᠡᠵᠦ᠂ ᠰᠦᠯᠵᠢᠶᠡᠨ ᠳᠡᠭᠡᠷᠡᠬᠢ ᠣᠶᠤᠨᠴᠢ ᠦᠢᠯᠡᠴᠢᠯᠡᠭᠡᠨ ᠤ ᠵᠣᠷᠢᠯᠲᠠ ᠶᠢ ᠢᠯᠭᠠᠨ ᠲᠠᠨᠢᠬᠤ ᠪᠠ ᠨᠠᠷᠢᠯᠢᠭ ᠣᠨᠣᠪᠴᠢᠳᠠᠢ ᠪᠠᠷ ᠬᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠣᠶᠤᠨᠴᠢ ᠠᠰᠠᠭᠤᠯᠲᠠ ᠬᠠᠷᠢᠭᠤᠯᠲᠠ᠂ ᠣᠶᠤᠨᠴᠢ ᠬᠠᠶᠢᠯᠲᠠ᠂ ᠣᠶᠤᠨᠴᠢ ᠪᠠᠷ ᠵᠢᠯᠣᠭᠤᠳᠣᠨ ᠬᠦᠢᠴᠡᠳᠭᠡᠭᠦᠯᠬᠦ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠢ ᠨᠠᠩ ᠰᠠᠶᠢᠨ ᠬᠥᠲᠥᠯᠦᠨ ᠵᠢᠯᠣᠭᠤᠳᠴᠤ ᠪᠠᠶᠢᠭᠠᠳ ᠥᠨᠳᠥᠷ ᠪᠦᠲᠦᠮᠵᠢᠲᠡᠶ ᠪᠠᠷ ᠤᠴᠢᠷ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号