ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠠᠮᠢᠶᠠᠷᠤᠯᠳᠠ ᠶᠢᠨ | ᠠᠯᠪᠠᠨ ᠭᠡᠷ ᠤᠨ ᠬᠠᠮᠤᠭ ᠤᠨ ᠰᠢᠨ᠎ᠡ ᠲᠤᠭ᠎ᠠ ᠪᠠᠷᠢᠮᠲᠠ ᠶᠢ ᠦᠨᠳᠦᠰᠦᠯᠡᠪᠡᠯ᠂ 10 ᠰᠠᠷ᠎ᠠ ᠶᠢᠨ 26 ᠤ ᠦᠳᠡ ᠶᠢᠨ | ᠬᠤᠶᠢᠨᠠᠬᠢ 2 ᠴᠠᠭ 30 ᠮᠢᠨᠦ᠋ᠲ ᠪᠣᠯᠲᠠᠯ᠎ᠠ᠂ ᠥᠪᠥᠷ ᠮᠣᠩᠭᠤᠯ ᠤᠨ ᠬᠠᠭᠤᠷᠠᠢ ᠵᠠᠮ ᠤᠨ ᠬᠢᠯᠢ ᠶᠢᠨ ᠪᠣᠭᠤᠮᠲᠠ | ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠭᠠᠭᠴᠠᠮᠤᠳᠤ ᠪᠣᠭᠤᠮᠲᠠ ᠳᠤ ᠳᠠᠬᠢᠨᠲᠠ 1 ᠳ᠋ᠦᠩᠰᠢᠭᠤᠷ ᠲᠣᠨ ᠤ ᠶᠡᠭᠡ | ᠪᠣᠭᠤᠮᠲᠠ ᠶᠢ ᠳᠠᠪᠠᠵᠤ᠂ 2023 ᠣᠨ ᠤ 12 ᠰᠠᠷ᠎ᠠ ᠶᠢᠨ 8 ᠤ ᠡᠳᠦᠷ ᠠᠩᠬ᠎ᠠ ᠤᠳᠠᠭ᠎ᠠ ᠳ᠋ᠦᠩᠰᠢᠭᠤᠷ ᠲᠣᠨ ᠢ | ᠳᠠᠪᠠᠭᠰᠠᠨ ᠠᠴᠠ 43 ᠡᠳᠦᠷ ᠤᠷᠢᠳᠴᠢᠯᠠᠵᠠᠢ᠃ | ᠥᠪᠥᠷ ᠮᠣᠩᠭᠤᠯ ᠣᠷᠣᠰ ᠮᠣᠩᠭᠤᠯ ᠬᠤᠶᠠᠷ ᠤᠯᠤᠰ ᠲᠠᠢ ᠬᠥᠷᠰᠢᠯᠡᠨ᠂ ᠬᠢᠯᠢ ᠶᠢᠨ ᠱᠤᠭᠤᠮ ᠤᠨ ᠣᠷᠳᠣ | 4200 ᠭᠠᠷᠤᠶ ᠺᠢᠯᠣᠮᠧᠲᠷ ᠲᠤ ᠬᠦᠷᠴᠦ᠂ 14 ᠬᠠᠭᠤᠷᠠᠶ ᠵᠠᠮ ᠤᠨ ᠪᠣᠭᠤᠮᠲᠠ ᠲᠠᠢ ᠪᠠᠶᠢᠵᠤ᠂ 90% ᠠᠴᠠ | ᠳᠡᠭᠡᠭᠰᠢᠬᠢ ᠳᠤᠮᠳᠠᠳᠤ ᠮᠣᠩᠭᠤᠯ ᠤᠨ ᠬᠠᠭᠤᠷᠠᠶ ᠵᠠᠮ ᠤᠨ ᠲᠡᠭᠡᠭᠡᠪᠦᠷᠢ ᠪᠠ 65% ᠠᠴᠠ ᠳᠡᠭᠡᠭᠰᠢᠬᠢ ᠳᠤᠮᠳᠠᠳᠤ | ᠣᠷᠣᠰ ᠤᠨ ᠬᠠᠭᠤᠷᠠᠶ ᠵᠠᠮ ᠤᠨ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ ᠪᠠᠶᠢᠨ᠎ᠠ᠃ ᠡᠨᠡ ᠵᠢᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠠᠮᠢᠶᠠᠷᠤᠯᠳᠠ ᠶᠢᠨ ᠠᠯᠪᠠᠨ ᠬᠡᠷ ᠠᠴᠠ | ᠠᠳᠠᠯᠢ ᠪᠤᠰᠤ ᠬᠢᠯᠢ ᠶᠢᠨ ᠪᠣᠭᠤᠮᠲᠠ ᠶᠢᠨ ᠲᠥᠷᠥᠯ ᠬᠡᠯᠪᠡᠷᠢ ᠪᠠ ᠴᠢᠳᠠᠮᠵᠢ ᠶᠢᠨ ᠣᠨᠴᠠᠯᠢᠭ ᠲᠤ ᠴᠢᠭᠯᠡᠭᠦᠯᠦᠨ᠂ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠢᠯᠢ ᠶᠢᠨ ᠪᠣᠭᠤᠮᠲᠠ ᠶᠢᠨ 32 ᠭᠤᠤᠯᠳᠠᠯᠭ᠎ᠠ ᠲᠠᠢ | ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠬᠦ ᠶᠢ ᠳᠡᠮᠵᠢᠵᠦ᠂ | ᠬᠢᠯᠢ ᠶᠢᠨ ᠪᠣᠭᠤᠮᠲᠠ ᠶᠢᠨ ᠤᠶᠤᠨᠴᠢᠯᠠᠬᠤ ᠥᠭᠡᠷᠡᠴᠢᠯᠡᠯᠲᠡ ᠪᠠ ᠬᠢᠨᠠᠨ ᠬᠠᠮᠢᠶᠠᠷᠬᠤ ᠠᠵᠢᠯ ᠤᠨ ᠶᠠᠪᠤᠴᠠ ᠶᠢ | ᠰᠢᠯᠢᠳᠡᠭᠵᠢᠭᠦᠯᠬᠦ ᠶᠢ ᠠᠬᠢᠭᠤᠯᠤᠨ᠂ ᠬᠢᠯᠢ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠲᠦᠷᠭᠡᠨ ᠨᠡᠮᠡᠭᠳᠡᠬᠦ ᠶᠢ ᠠᠬᠢᠭᠤᠯᠵᠤ᠂ ᠥᠪᠥᠷ ᠮᠣᠩᠭᠤᠯ ᠤᠨ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠡᠷᠴᠢᠮ ᠬᠦᠴᠦᠨ | ᠲᠡᠭᠦᠯᠳᠡᠷ ᠪᠣᠯᠪᠠ᠃ | ᠭᠠᠭᠴᠠᠮᠤᠳᠤ ᠪᠣᠭᠤᠮᠲᠠ ᠪᠤᠯ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣᠬᠢ ᠪᠠᠷᠠᠭ᠎ᠠ | ᠲᠡᠭᠡᠭᠡᠪᠦᠷᠢᠯᠡᠬᠦ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠠᠶᠢᠵᠤ᠂ ᠤᠯᠤᠰ ᠤᠨ | ᠳᠣᠲᠣᠭᠠᠳᠤ ᠳᠤ AGV ︵ᠠᠦ᠋ᠲ᠋ᠣ᠋ ᠬᠥᠲᠥᠴᠢ ᠲᠡᠷᠭᠡ︶ ᠵᠢᠯᠣᠭᠤᠴᠢ ᠥᠬᠡᠶ ᠬᠢᠯᠢ ᠠᠯᠤᠰᠯᠠᠭᠰᠠᠨ ᠲᠡᠭᠡᠭᠡᠪᠦᠷᠢ | ᠶᠢᠨ ᠲᠥᠷᠥᠯ ᠵᠦᠢᠯ ᠢ ᠡᠩ ᠲᠡᠷᠢᠭᠦᠨ ᠳᠤ ᠡᠬᠢᠯᠡᠭᠦᠯᠪᠡ᠃ AGV ᠨᠢ ᠮᠣᠩᠭᠤᠯ ᠤᠯᠤᠰ ᠤᠨ ᠲᠣᠭᠠᠴᠢᠯᠠᠭᠰᠠᠨ | ᠴᠢᠩᠭᠡᠯᠢᠭ ᠤᠨ ᠭᠠᠷᠠᠮ ᠠᠴᠠ ᠭᠠᠭᠴᠠᠮᠤᠳᠤ ᠪᠣᠭᠤᠮᠲᠠ ᠶᠢᠨ ᠲᠣᠭᠲᠠᠭᠰᠠᠨ ᠬᠢᠨᠠᠨ ᠬᠠᠮᠢᠶᠠᠷᠬᠤ ᠲᠠᠯᠠᠪᠤᠷ ᠬᠦᠷᠲᠡᠯᠡᠬᠢ | ᠪᠦᠬᠦ ᠶᠠᠪᠤᠴᠠ ᠶᠢ ᠬᠠᠮᠤᠷᠴᠤ᠂ ᠪᠦᠬᠦ ᠶᠠᠪᠤᠴᠠ ᠳᠤ ᠠᠵᠢᠯᠲᠠᠨ ᠵᠢᠵᠢᠭᠦᠷᠯᠡᠬᠦ ᠬᠡᠷᠡᠭ ᠦᠭᠡᠢ᠂ ᠪᠠᠷᠠᠭᠠᠨ ᠤ | ᠲᠡᠭᠡᠭᠡᠪᠦᠷᠢ ᠶᠢᠨ ᠲᠡᠷᠭᠡ ᠡᠳᠦᠷ ᠪᠦᠷᠢ ᠳᠤᠮᠳᠠᠴᠢ ᠪᠠᠷ 200 ᠤᠳᠠᠭ᠎ᠠ ᠠᠶᠠᠯᠠᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃ | ᠡᠷᠢᠶᠡᠨ ᠪᠣᠭᠤᠮᠲᠠ ᠪᠤᠯ ᠳᠤᠮᠳᠠᠳᠤ ᠮᠣᠩᠭᠤᠯ ᠤᠨ ᠬᠠᠮᠤᠭ ᠤᠨ ᠶᠡᠭᠡ ᠶᠡᠷᠦᠩᠬᠡᠶᠢᠯᠡᠭᠰᠡᠨ ᠬᠦᠢᠰᠦ ᠪᠣᠭᠤᠮᠲᠠ | ᠪᠠᠶᠢᠵᠤ᠂ ᠵᠠᠰᠠᠮᠠᠯ ᠵᠠᠮ ᠤᠨ ᠪᠣᠭᠤᠮᠲᠠ ᠪᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠡᠳᠦᠷ ᠪᠦᠷᠢ ᠳᠤᠮᠳᠠᠴᠢ ᠪᠠᠷ 900 | ᠭᠠᠷᠤᠢ ᠤᠳᠠᠭ᠎ᠠ ᠨᠠᠭᠠᠰᠢ ᠴᠠᠭᠠᠰᠢ ᠰᠦᠯᠵᠢᠯᠳᠦᠵᠦ ᠪᠠᠶᠢᠨ᠎ᠠ᠃ ᠣᠳᠣᠬᠠᠨ ᠪᠣᠯ ᠲᠦᠭᠦᠬᠡᠶ ᠰᠣᠷᠭᠤᠭ ᠵᠢᠮᠢᠰ | ᠢᠳᠡᠰᠢᠨ ᠨᠣᠭᠤᠭ᠎ᠠ ᠶᠢᠨ ᠲᠡᠭᠡᠭᠡᠪᠦᠷᠢ ᠶᠢᠨ ᠣᠷᠭᠢᠯ ᠤᠨ ᠬᠤᠭᠤᠴᠠᠭ᠎ᠠ ᠪᠣᠯᠤᠨ᠎ᠠ᠂ ᠰᠠᠭᠠᠳ ᠥᠬᠡᠶ ᠨᠡᠪᠲᠡᠷᠡᠬᠦ | ᠵᠠᠮ ᠨᠢ ᠡᠳ᠋ ᠪᠠᠷᠠᠭ᠎ᠠ ᠶᠢ ︽ᠬᠦᠷᠦᠭᠰᠡᠨ ᠳᠠᠷᠤᠢ ᠳᠤ ᠪᠠᠶᠢᠴᠠᠭᠠᠵᠤ ᠦᠡᠭᠭᠡᠷᠡᠭᠦᠯᠬᠦ︾ ᠶᠢ ᠪᠠᠲᠤᠯᠠᠵᠤ᠂ | ᠦᠢᠯᠡᠳᠬᠦᠨ ᠢ ᠬᠠᠮᠤᠭ ᠤᠨ ᠲᠦᠷᠭᠡᠨ ᠬᠤᠷᠳᠤᠴᠠ ᠪᠠᠷ ᠮᠣᠩᠭᠤᠯ ᠤᠯᠤᠰ ᠲᠤ ᠬᠦᠷᠭᠡᠵᠦ ᠪᠠᠶᠢᠨ᠎ᠠ᠃ ᠲᠡᠮᠦᠷ | ᠵᠠᠮ ᠤᠨ ᠪᠣᠭᠤᠮᠲᠠ ᠳᠤ᠂ ᠪᠣᠭᠤᠮᠲᠠ ᠶᠢᠨ ᠠᠵᠢᠯᠲᠠᠨ H2010 ᠰᠢᠰᠲ᠋ᠧᠮ ᠢ ᠬᠡᠷᠡᠭᠯᠡᠵᠦ᠂ ᠭᠠᠳᠠᠭᠠᠳᠤ | ᠤᠷᠤᠭᠤᠯᠤᠯᠲᠠ ᠭᠠᠷᠭᠠᠯᠲᠠ ᠶᠢᠨ ᠪᠣᠭᠤᠮᠲᠠ ᠰᠢᠯᠵᠢᠬᠦ ᠶᠢ ᠠᠦ᠋ᠲ᠋ᠣ᠋ ᠪᠠᠷ ᠬᠢᠨᠠᠨ ᠪᠠᠶᠢᠴᠠᠭᠠᠬᠤ ᠪᠠ ᠬᠢᠨᠠᠵᠤ | ᠭᠠᠷᠭᠠᠬᠤ ᠶᠢ ᠪᠡᠶᠡᠯᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ | ᠥᠩᠭᠡᠷᠡᠬᠦ ᠴᠠᠭ ᠢ 70% ᠪᠠᠷ ᠪᠠᠭᠠᠰᠬᠠᠪᠠ᠃ | ᠮᠠᠨᠵᠤᠤᠷ ᠪᠣᠭᠤᠮᠲᠠ ᠪᠤᠯ ᠳᠤᠮᠳᠠᠳᠤ ᠣᠷᠣᠰ ᠤᠨ ᠬᠠᠮᠤᠭ ᠤᠨ ᠶᠡᠭᠡ ᠬᠠᠭᠤᠷᠠᠶ ᠵᠠᠮ ᠤᠨ ᠬᠢᠯᠢ ᠢᠢᠨ | ᠪᠣᠭᠤᠮᠲᠠ ᠪᠤᠯᠤᠨ᠎ᠠ᠃ ᠲᠡᠭᠦᠨ ᠤ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠰᠢᠯᠭᠠᠨ ᠪᠠᠶᠢᠴᠠᠭᠠᠬᠤ | ᠭᠠᠵᠠᠷ ᠲᠤ ᠴᠣ ᠰᠢᠨ᠎ᠡ ᠤᠶᠤᠨᠴᠢ ᠲᠥᠬᠦᠭᠡᠷᠦᠮᠵᠢ ᠪᠠᠷ ᠲᠡᠷᠭᠡᠨ ᠫᠠᠶᠢᠰᠠ ᠶᠢ ᠰᠡᠭᠦᠳᠡᠷᠯᠡᠬᠦ ᠶᠢ ᠲᠣᠬᠢᠷᠠᠭᠤᠯᠵᠤ᠂ | ᠲᠡᠷᠭᠡᠨ ᠫᠠᠶᠢᠰᠠ ᠶᠢᠨ ᠨᠣᠮᠧᠷ ᠢ ᠢᠯᠭᠠᠨ ᠲᠠᠨᠢᠬᠤ ᠪᠠᠷ ᠪᠠᠷᠠᠬᠤ ᠥᠬᠡᠶ ᠪᠠᠰᠠ ᠲᠡᠷᠭᠡᠨ ᠤ ᠥᠩᠭᠡ᠂ ᠲᠦᠷᠦᠯ | ᠲᠡᠮᠳᠡᠭ ᠵᠡᠷᠭᠡ ᠨᠠᠷᠢᠨ ᠵᠦᠢᠯᠡᠰ ᠤᠨ ᠮᠡᠳᠡᠭᠡ ᠵᠠᠩᠭᠢ ᠶᠢ ᠴᠤᠭᠯᠠᠭᠤᠯᠵᠤ᠂ ᠡᠲᠡᠭᠡᠷ ᠲᠤᠭ᠎ᠠ ᠪᠠᠷᠢᠮᠲᠠ ᠶᠢ ᠬᠢᠯᠢ ᠶᠢᠨ | ᠪᠠᠶᠢᠴᠠᠭᠠᠯᠲᠠ᠂ ᠪᠣᠭᠤᠮᠲᠠ ᠶᠢᠨ ᠡᠭᠦᠯᠡᠨ ᠲᠠᠪᠴᠠᠩ ᠲᠠᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ | ᠲᠡᠮᠦᠷ ᠵᠠᠮ ᠤᠨ ᠪᠣᠭᠤᠮᠲᠠ ᠳᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠳᠦᠭᠦᠷᠡᠩ ᠪᠠᠷᠠᠭ᠎ᠠ | ᠠᠴᠢᠶᠠᠯᠠᠵᠤ ᠥᠷᠲᠡᠭᠡᠨ ᠳᠤ ᠤᠷᠤᠭᠰᠠᠨ ᠤ ᠳᠠᠷᠠᠭ᠎ᠠ᠂ ᠪᠣᠭᠤᠮᠲᠠ ᠶᠢᠨ ᠠᠵᠢᠯᠲᠠᠳ ᠭᠠᠯᠲᠤ ᠲᠡᠷᠭᠡ ᠶᠢ ᠲᠦᠷᠭᠡᠨ | ᠪᠠᠶᠢᠴᠠᠭᠠᠨ ᠰᠢᠯᠭᠠᠵᠤ᠂ ᠰᠢᠯᠢᠳᠡᠭᠵᠢᠭᠦᠯᠦᠭᠰᠡᠨ ᠤ ᠳᠠᠷᠠᠭᠠᠬᠢ ᠰᠢᠯᠭᠠᠨ ᠪᠠᠶᠢᠴᠠᠭᠠᠬᠤ ᠶᠠᠪᠤᠴᠠ ᠪᠣᠯᠤᠨ | ᠡᠯᠧᠺᠲᠷᠣᠨᠴᠢᠯᠡᠭᠰᠡᠨ ᠠᠵᠢᠯᠯᠠᠬᠤ ᠠᠷᠭ᠎ᠠ ᠪᠠᠷ ᠳᠠᠮᠵᠢᠭᠤᠯᠤᠨ᠂ ᠠᠵᠢᠯᠯᠠᠬᠤ ᠴᠠᠭ ᠢ ᠴᠠᠭ ᠢᠶᠠᠷ ᠪᠤᠳᠤᠵᠤ | ᠪᠠᠶᠢᠭᠰᠠᠨ ᠠᠴᠠ ᠮᠢᠨᠦ᠋ᠲ ᠢᠶᠠᠷ ᠪᠤᠳᠤᠬᠤ ᠪᠤᠯᠪᠠ᠃ | ᠴᠡᠭᠡ ᠪᠣᠭᠤᠮᠲᠠ ᠪᠣᠯᠤᠨ ᠮᠠᠨᠳᠤᠯ ᠪᠣᠭᠤᠮᠲᠠ ︽ᠬᠠᠮᠲᠤᠷᠠᠨ ᠪᠠᠶᠢᠴᠠᠭᠠᠬᠤ ᠬᠠᠮᠲᠤᠷᠠᠨ ᠲᠡᠭᠡᠭᠡᠪᠦᠷᠢᠯᠡᠬᠦ︾ | ᠲᠣᠭᠲᠠᠴᠠ ᠶᠢ ᠬᠦᠴᠦᠯᠡᠨ ᠠᠬᠢᠭᠤᠯᠵᠤ᠂ ᠪᠠᠶᠢᠴᠠᠭᠠᠨ ᠰᠢᠯᠭᠠᠬᠤ ᠡᠬᠢ ᠪᠠᠶᠠᠯᠢᠭ ᠢ ᠨᠡᠶᠢᠳᠭᠡᠬᠦ᠂ ᠠᠵᠢᠯᠯᠠᠬᠤ | ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ︽ᠨᠢᠭᠡ ᠤᠳᠠᠭ᠎ᠠ ᠪᠠᠶᠢᠴᠠᠭᠠᠨ ᠰᠢᠯᠭᠠᠵᠤ᠂ ᠨᠢᠭᠡ ᠤᠳᠠᠭ᠎ᠠ ᠳᠤ | ᠥᠩᠭᠡᠷᠡᠭᠦᠯᠬᠦ︾ ᠶᠢ ᠪᠡᠶᠡᠯᠡᠭᠦᠯᠪᠡ᠃ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠤᠨ ᠬᠢᠨ | ᠬᠦᠴᠦ ᠪᠠᠨ ᠬᠠᠮᠲᠤᠳᠬᠠᠨ ᠬᠠᠮᠵᠢᠯᠴᠠᠵᠤ᠂ ᠪᠠᠷᠠᠭᠠᠨ ᠤ ᠪᠣᠭᠤᠮᠲᠠ ᠪᠠᠷ ᠥᠩᠭᠡᠷᠡᠬᠦ ᠶᠢ ᠨᠠᠩ ᠤᠷᠤᠭᠰᠢᠲᠠᠶ ᠪᠥᠭᠡᠳ | ᠥᠨᠳᠥᠷ ᠪᠦᠲᠦᠮᠵᠢᠲᠡᠶ ᠪᠣᠯᠭᠠᠪᠠ᠃ 10 ᠰᠠᠷ᠎ᠠ ᠶᠢᠨ 26 ᠤ ᠡᠳᠦᠷ ᠪᠣᠯᠲᠠᠯ᠎ᠠ᠂ ᠴᠡᠭᠡ ᠪᠣᠭᠤᠮᠲᠠ ᠪᠠᠷ ᠥᠩᠭᠡᠷᠡᠬᠦ | ᠪᠠᠷᠠᠭᠠᠨ ᠤ ᠬᠡᠮᠵᠢᠶ᠎ᠡ 2000 ᠲᠦᠮᠡᠨ ᠲᠣᠨ ᠢ ᠳᠠᠪᠠᠵᠤ᠂ ᠪᠣᠭᠤᠮᠲᠠ ᠨᠡᠭᠡᠭᠡᠭᠰᠡᠨ ᠠᠴᠠ ᠨᠠᠭᠠᠰᠢᠬᠢ ᠲᠡᠦᠬᠡ ᠶᠢᠨ | ᠰᠢᠨ᠎ᠡ ᠲᠡᠮᠳᠡᠭᠯᠡᠯ ᠢ ᠡᠭᠦᠳᠴᠡᠢ᠃ | ᠥᠪᠥᠷ ᠮᠣᠩᠭᠤᠯ ᠤᠨ ᠡᠯ᠎ᠡ ᠬᠢᠯᠢ ᠶᠢᠨ ᠪᠣᠭᠤᠮᠲᠠ ᠶᠢᠨ ᠬᠢᠨ ᠪᠦᠭᠡᠮ ᠲᠠᠸᠠᠷ ᠤᠨ ᠪᠣᠭᠤᠮᠲᠠ ᠪᠠᠷ ᠲᠦᠷᠭᠡᠨ | ᠥᠩᠭᠡᠷᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠣᠭᠤᠮᠲᠠ ᠪᠠᠷ ᠳᠠᠮᠵᠢᠨ ᠭᠠᠳᠠᠭᠠᠳᠤ ᠠᠴᠠ | ᠣᠷᠣᠭᠤᠯᠤᠭᠰᠠᠨ ᠨᠡᠭᠦᠷᠡᠰᠦ᠂ ᠲᠡᠮᠦᠷ ᠤᠨ ᠬᠦᠳᠡᠷ ᠵᠡᠷᠭᠡ ᠪᠦᠭᠡᠮ ᠲᠠᠸᠠᠷ ᠨᠢ ᠤᠯᠤᠰ ᠤᠨ ᠳᠣᠲᠣᠭᠠᠳᠤ ᠶᠢᠨ ᠠᠵᠤ | ᠦᠢᠯᠡᠳᠪᠦᠷᠢ ᠶᠢᠨ ᠦᠢᠯᠡᠳᠪᠦᠷᠢᠯᠡᠯ ᠳᠤ ᠴᠢᠬᠤᠯᠠ ᠲᠤᠯᠭᠠᠭᠤᠷᠢᠯᠠᠯ ᠬᠠᠩᠭᠠᠪᠠ᠃ ︽ᠬᠢᠯᠢ ᠶᠢᠨ ᠪᠣᠭᠤᠮᠲᠠ ᠶᠢᠨ | ᠪᠠᠷᠠᠭᠠᠨ ᠤ ᠲᠡᠭᠡᠭᠡᠪᠦᠷᠢ ᠶᠢᠨ ᠬᠡᠮᠵᠢᠶᠡᠨ ᠤ ᠤᠷᠢᠳᠴᠢᠯᠠᠨ ᠳ᠋ᠦᠩᠰᠢᠭᠤᠷ ᠲᠣᠨ ᠢ ᠳᠠᠪᠠᠭᠰᠠᠨ ᠨᠢ ᠮᠠᠨ ᠤ ᠣᠷᠣᠨ ᠤ | ᠬᠢᠯᠢ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠠᠰᠤ ᠴᠢᠨᠠᠷ ᠤᠯᠠᠮ ᠴᠢᠨᠠᠬᠰᠢᠲᠠ ᠳᠡᠭᠡᠭᠰᠢᠯᠡᠭᠰᠡᠨ ᠢ | ᠬᠠᠷᠠᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ ᠪᠢᠳᠡ ᠭᠤᠤᠯᠳᠠᠯᠭ᠎ᠠ ᠲᠠᠢ ᠲᠠᠸᠠᠷ ᠤᠨ ᠪᠣᠭᠤᠮᠲᠠ ᠥᠩᠭᠡᠷᠡᠬᠦ | ᠂ ᠬᠡᠰᠡᠭ ᠪᠣᠭᠤᠮᠲᠠ ᠶᠢᠨ ᠪᠣᠭᠤᠮᠲᠠ ᠥᠩᠭᠡᠷᠡᠬᠦ ᠴᠠᠭ ᠢ ᠤᠷᠲᠤᠳᠬᠠᠬᠤ ᠶᠢ ᠭᠤᠤᠯ ᠠᠩᠬᠠᠷᠬᠤ᠂ ᠠᠮᠤ ᠪᠤᠳᠠᠭ᠎ᠠ ᠪᠠ | ᠮᠢᠬᠠᠨ ᠤ ᠵᠦᠢᠯ ᠵᠡᠷᠭᠡ ᠶᠢᠨ ᠪᠣᠭᠤᠮᠲᠠ ᠶᠢᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠤᠯᠲᠠ ᠶᠢᠨ ᠲᠠᠯᠠᠪᠤᠷ | ᠭᠠᠵᠠᠷ ᠤᠨ ᠵᠥᠪᠰᠢᠶᠡᠷᠡᠯ ᠤᠯᠬᠤ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠣᠭᠤᠮᠲᠠ ᠶᠢᠨ | ᠴᠢᠳᠠᠮᠵᠢ ᠶᠢ ᠨᠠᠩ ᠰᠠᠶᠢᠲᠤᠷ ᠪᠠᠳᠠᠷᠠᠭᠤᠯᠵᠤ᠂ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠦ ᠥᠪᠡᠷᠲᠡᠭᠡᠨ | ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠠᠮᠢᠶᠠᠷᠤᠯᠳᠠ ᠶᠢᠨ ᠠᠯᠪᠠᠨ ᠬᠡᠷ ᠤᠨ ᠪᠣᠭᠤᠮᠲᠠ ᠥᠩᠭᠡᠷᠡᠬᠦ ᠶᠢ | ᠵᠣᠬᠢᠴᠠᠭᠤᠯᠬᠤ ᠭᠠᠵᠠᠷ ᠤᠨ ᠳᠠᠷᠤᠭ᠎ᠠ ᠯᠢ ᠴᠦᠨ ᠶᠠᠩ ᠬᠡᠯᠡᠨ᠎ᠠ᠃ |