ᠠᠯᠠᠱᠠ ᠵᠡᠭᠦᠨ ᠬᠤᠰᠢᠭᠤ ︽ᠳᠦᠮᠡᠨ ᠮᠡᠷᠭᠡᠵᠢᠯᠲᠡᠨ ᠦᠨᠳᠦᠰᠦᠨ ᠱᠠᠲᠤᠨ ᠳᠤ ᠬᠦᠷᠴᠣ ᠦᠢᠯᠡᠴᠢᠯᠡᠬᠦ︾ | ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠭᠡᠷ ᠲᠤᠨᠢ ᠬᠦᠷᠴᠣ ᠬᠡᠷᠡᠭᠴᠡᠭᠡ ᠱᠠᠭᠠᠷᠳᠠᠯᠭ᠎ᠠ ᠶᠢ ᠨᠢ | ᠰᠢᠢᠳᠪᠣᠷᠢᠯᠡᠨ ᠦᠭᠴᠡᠢ᠃ ᠡᠪᠡᠳᠴᠢᠨ ᠬᠤᠷᠣᠬᠠᠢ ᠶᠢᠨ ᠭᠠᠮᠰᠢᠭ ᠵᠢᠴᠢ ᠠᠮᠢᠲᠠᠨ ᠤ ᠬᠢᠵᠢᠭ ᠡᠪᠡᠳᠴᠢᠨ ᠢ | ᠤᠷᠢᠳᠴᠢᠯᠠᠨ ᠰᠡᠷᠭᠡᠶᠢᠯᠡᠬᠦ ᠪᠠ ᠡᠵᠡᠮᠳᠡᠬᠦ᠂ ᠲᠠᠷᠢᠶᠠᠯᠠᠩ ᠮᠠᠯ ᠠᠵᠤ ᠠᠬᠤᠢ ᠶᠢᠨ ᠠᠶᠤᠯᠬᠦᠢ ᠦᠢᠯᠡᠳᠪᠦᠷᠢᠯᠡᠯ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠪᠠᠶᠢᠴᠠᠭᠠᠨ ᠬᠡᠮᠵᠢᠯᠲᠡ ᠬᠢᠭᠡᠳ ᠨᠠᠷᠠᠲᠤ ᠲᠡᠮᠳᠡᠭᠲᠦ ᠶᠢᠨ ᠪᠠᠶᠢᠭᠤᠯᠤᠯᠲᠠ᠂ ᠬᠥᠳᠡᠭᠡ | ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠵᠠᠭᠤᠷᠠᠯᠳᠣᠭᠠᠨ᠂ ᠮᠠᠯᠵᠢᠬᠤ ᠲᠠᠷᠢᠶᠠᠯᠠᠬᠤ ᠣᠷᠣᠨ ᠤ ᠪᠣᠳᠠᠲᠤ | ᠬᠡᠷᠡᠭᠯᠡᠭᠡᠨ ᠤ ᠴᠢᠳᠠᠪᠤᠷᠢᠲᠠᠨ ᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ᠂ ᠲᠠᠷᠢᠶᠠᠯᠠᠩ | ᠮᠠᠯ ᠠᠵᠤ ᠠᠬᠤᠢ ᠶᠢᠨ ᠰᠢᠰᠲ᠋ᠧᠮ ᠤᠨ 103 ᠨᠡᠷᠡᠰ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ | ᠮᠠᠯᠵᠢᠬᠤ ᠳᠠᠷᠢᠶᠠᠯᠠᠬᠤ ᠣᠷᠣᠨ ᠳᠤ ᠬᠦᠨᠵᠡᠭᠡᠶᠢᠷᠡᠨ ᠠᠷᠠᠳ ᠤᠨ ᠠᠮᠢᠳᠣᠷᠠᠯ ᠢ ᠣᠶᠢᠯᠠᠭᠠᠵᠣ᠂ ᠬᠦᠰᠡᠯ | ᠱᠠᠭᠠᠷᠳᠠᠯᠭ᠎ᠠ ᠶᠢ ᠨᠢ ᠰᠣᠨᠣᠰᠣᠨ ᠠᠷᠠᠳ ᠤᠨ ᠵᠣᠪᠠᠨᠢᠯ ᠢ ᠰᠢᠢᠳᠪᠣᠷᠢᠯᠡᠨ ᠦᠭᠴᠡᠢ᠃ | ᠠᠯᠠᠱᠠ ᠵᠡᠭᠦᠨ ᠬᠤᠰᠢᠭᠤᠨ ᠤ ᠵᠢᠷᠨᠲᠠᠢ ᠪᠠᠯᠭᠠᠰᠤ ᠶᠢᠨ ᠳᠡᠷᠡᠳᠣ ᠭᠠᠴᠠᠭᠠᠨ ᠤ ᠮᠠᠯᠴᠢᠨ ᠾᠧ ᠯᠢ ᠵᠢᠶᠦ᠋ᠨ | ᠢᠮᠠᠭᠠᠨ ᠤ ᠨᠣᠯᠣᠣᠷ ᠢᠶᠠᠨ ᠬᠡᠷᠬᠢᠨ ᠰᠢᠯᠢᠳᠡᠭ ᠪᠣᠯᠭᠠᠬᠤ ᠳᠣᠬᠠᠢ ᠰᠠᠨᠠᠭ᠎ᠠ ᠪᠣᠯᠵᠣ ᠪᠠᠶᠢᠵᠡᠢ᠃ ᠠᠯᠠᠱᠠ ᠵᠡᠭᠦᠨ | ᠬᠤᠰᠢᠭᠤᠨ ᠤ ᠭᠡᠷ ᠤᠨ ᠲᠡᠵᠢᠭᠡᠪᠦᠷᠢ ᠶᠢᠨ ᠡᠬᠦᠯᠳᠡᠷ ᠢ ᠰᠠᠶᠢᠵᠢᠷᠠᠭᠤᠯᠬᠤ ᠠᠵᠢᠯ ᠤᠨ ᠥᠷᠲᠡᠭᠡᠨ ᠤ ᠲᠤᠰᠬᠠᠢ | ᠮᠡᠷᠭᠡᠵᠢᠯ ᠤᠨ ᠠᠵᠢᠯᠲᠠᠳ ᠳᠡᠬᠦᠨ ᠤ ᠭᠡᠷ ᠲᠤ ᠬᠦᠷᠴᠦ᠂ ᠵᠢᠷᠤᠮᠵᠢᠭᠰᠠᠨ ᠢᠵᠢ ᠪᠦᠷᠢᠳᠦᠭᠦᠯᠦᠭᠰᠡᠨ ᠠᠷᠠᠴᠢᠯᠠᠵᠤ | ᠲᠡᠵᠢᠭᠡᠬᠦ ᠬᠠᠮᠢᠶᠠᠷᠤᠯᠲᠠ ᠶᠢᠨ ᠮᠡᠷᠭᠡᠵᠢᠯ ᠢ ᠤᠯᠠᠮᠵᠢᠯᠠᠵᠦ᠂ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ | ᠳᠤᠲᠠᠭᠤ ᠳᠡᠵᠢᠭᠡᠨ ᠨᠠᠷᠢᠯᠢᠭ ᠠᠷᠠᠴᠢᠯᠠᠵᠣ᠂ ᠰᠣᠩᠭᠤᠨ ᠪᠤᠶᠢᠵᠢᠭᠤᠯᠬᠤ᠂ ᠨᠣᠯᠣᠣᠷ ᠤᠨ ᠴᠢᠨᠠᠷ ᠢ ᠰᠠᠶᠢᠵᠢᠷᠠᠭᠤᠯᠣᠨ | ᠦᠨ᠎ᠡ ᠬᠠᠩᠰᠢ ᠶᠢ ᠥᠰᠭᠡᠬᠦ ᠮᠡᠷᠭᠡᠵᠢᠯ ᠤᠨ ᠲᠤᠬᠠᠢ ᠵᠢᠯᠤᠭᠤᠳᠤᠯᠭ᠎ᠠ ᠬᠢᠭᠰᠡᠨ ᠪᠠᠶᠢᠨ᠎ᠠ᠃ ︽ᠲᠤᠰᠬᠠᠢ | ᠮᠡᠷᠭᠡᠵᠢᠯᠲᠡᠳ ᠤᠨ ᠵᠢᠯᠣᠭᠤᠳᠤᠯᠭ᠎ᠠ ᠨᠢ ᠮᠠᠰᠢ ᠶᠡᠭᠡ ᠬᠠᠪᠰᠤᠷᠤᠯᠭ᠎ᠠ ᠪᠣᠯᠵᠠᠢ᠂ ᠰᠢᠨᠵᠢᠯᠡᠬᠦ ᠤᠬᠠᠭᠠᠨᠴᠢ ᠪᠠᠷ | ᠰᠣᠩᠭᠤᠨ ᠪᠤᠶᠢᠵᠢᠭᠤᠯᠬᠤ ᠪᠠᠷ ᠲᠠᠮᠵᠢᠨ ᠮᠠᠯ ᠰᠦᠷᠦᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠷᠣᠯᠭ᠎ᠠ ᠶᠢ | ᠨᠡᠮᠡᠭᠳᠡᠬᠦᠯᠬᠦ ᠲᠤᠬᠠᠢ ᠤᠶᠢᠯᠠᠭᠠᠯᠲᠠ ᠲᠠᠢ ᠪᠤᠯᠤᠯ᠎ᠠ︾ ᠭᠡᠵᠣ ᠾᠧ ᠯᠢ ᠵᠢᠶᠦ᠋ᠨ ᠶᠠᠷᠢᠯ᠎ᠠ᠃ | ᠠᠯᠠᠱᠠ ᠵᠡᠭᠦᠨ ᠬᠤᠰᠢᠭᠤᠨ ᠤ ᠭᠡᠷ ᠤᠨ ᠲᠡᠵᠢᠭᠡᠪᠦᠷᠢ ᠶᠢᠨ ᠡᠬᠦᠯᠳᠡᠷ ᠢ ᠰᠠᠶᠢᠵᠢᠷᠠᠭᠤᠯᠬᠤ ᠠᠵᠢᠯ ᠤᠨ | ᠥᠷᠲᠡᠭᠡᠨ ᠤ ᠮᠡᠷᠭᠡᠵᠢᠯ ᠤᠨ ᠠᠵᠢᠯᠲᠠᠳ ᠪᠠᠰᠠ ᠤᠷᠢᠳ ᠬᠤᠵᠢᠳ ᠵᠢᠷᠨᠲᠠᠢ ᠪᠠᠯᠭᠠᠰᠤᠨ ᠤ ᠴᠠᠭᠠᠠᠡᠦ᠋ᠨᠳᠣᠷ ᠭᠠᠴᠠᠭ᠎ᠠ | ᠪᠣᠯᠣᠨ ᠪᠠᠶᠠᠨᠬᠤᠲᠠ ᠪᠠᠯᠭᠠᠰᠤᠨ ᠤ ᠯᠠᠢ ᠹᠦ᠋ ᠡᠯ ᠺᠣᠮᠫᠠᠨᠢ ᠳᠤ ᠨᠣᠣᠰᠣ ᠨᠣᠯᠣᠣᠷ ᠤᠨ ᠨᠠᠷᠢᠴᠠ ᠶᠢᠨ ᠬᠡᠮᠵᠢᠶ᠎ᠡ ᠶᠢ | ᠰᠢᠯᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠨᠣᠯᠣᠣᠷ ᠢ ᠥᠨᠳᠥᠷ ᠦᠨ᠎ᠡ ᠪᠠᠷ ᠪᠣᠷᠣᠯᠠᠭᠤᠯᠬᠤ ᠪᠠᠷ | ᠳᠠᠮᠵᠢᠭᠤᠯᠤᠨ᠂ ᠴᠠᠭᠠᠨ ᠨᠣᠯᠣᠣᠷᠳᠣ ᠢᠮᠠᠭ᠎ᠠ ᠲᠡᠵᠢᠭᠡᠨ ᠦᠷᠡᠵᠢᠭᠦᠯᠬᠦ ᠡᠷᠥᠭᠡ ᠶᠢ ᠬᠥᠲᠥᠯᠥᠨ ᠵᠢᠯᠤᠭᠤᠳᠴᠤ | ᠪᠠᠶᠢᠭᠠᠳ ᠲᠤᠰ ᠡᠭᠦᠯᠳᠡᠷ ᠢ ᠰᠣᠩᠭᠤᠨ ᠪᠤᠶᠢᠵᠢᠭᠤᠯᠬᠤ ᠶᠠᠪᠤᠴᠠ ᠳᠤ ᠨᠣᠯᠣᠣᠷ ᠤᠨ ᠨᠠᠷᠢᠴᠠ ᠶᠢᠨ ᠬᠡᠮᠵᠢᠶ᠎ᠡ ᠪᠣᠯᠣᠨ | ᠨᠣᠯᠣᠣᠷ ᠤᠨ ᠭᠠᠷᠤᠯᠲᠠ ᠶᠢᠨ ᠬᠡᠮᠵᠢᠶ᠎ᠡ ᠪᠠᠷ ᠰᠣᠩᠭᠤᠨ ᠪᠤᠶᠢᠵᠢᠭᠤᠯᠬᠤ ᠶᠢ ᠴᠢᠬᠤᠯᠠᠴᠢᠯᠠᠨ᠂ ᠰᠢᠯᠢᠳᠡᠭ ᠢᠶᠠᠷ ᠨᠢ | ᠲᠣᠬᠢᠷᠠᠭᠤᠯᠬᠤ ᠠᠷᠭ᠎ᠠ ᠶᠢ ᠠᠪᠴᠤ᠂ ᠴᠠᠭᠠᠨ ᠨᠣᠯᠣᠣᠷᠳᠣ ᠢᠮᠠᠭᠠᠨ ᠤ ᠪᠦᠲᠦᠭᠡᠭᠳᠡᠬᠦᠨ ᠤ ᠶᠠᠰᠤ ᠴᠢᠨᠠᠷ ᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠣᠯᠣᠨ ᠨᠡᠷᠡᠳᠤ | ᠲᠡᠮᠳᠡᠭ ᠤᠨ ᠦᠷ᠎ᠡ ᠠᠰᠢᠭ ᠢ ᠨᠡᠮᠡᠭᠳᠡᠭᠦᠯᠦᠨ᠂ ᠴᠠᠭᠠᠨ ᠨᠣᠯᠣᠣᠷᠳᠣ ᠢᠮᠠᠭᠠᠨ ᠤ ᠠᠵᠤ ᠦᠢᠯᠡᠰ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠵᠡᠢ᠃ | ᠠᠯᠠᠱᠠ ᠵᠡᠭᠦᠨ ᠬᠤᠰᠢᠭᠤ ᠳᠣᠰᠬᠠᠢ ᠮᠡᠷᠭᠡᠵᠢᠯ ᠤᠨ ᠠᠵᠢᠯᠲᠠᠨ ᠲᠣᠮᠢᠯᠠᠵᠤ ᠪᠠᠷᠠᠭᠤᠨ ᠪᠠᠯ ᠪᠠᠯᠭᠠᠰᠣᠨ ᠤ | ᠰᠢᠷᠠᠬᠦ᠋ᠳᠡᠭᠡ ᠭᠠᠴᠠᠭᠠᠨ ᠳᠤ ᠬᠦᠨᠵᠡᠭᠡᠶᠢᠷᠡᠨ᠂ ᠠᠯᠠᠰᠢᠨ ᠬᠤᠨᠢ ᠶᠢ ᠥᠨᠳᠥᠷ ᠪᠦᠲᠦᠮᠵᠢᠲᠡᠶ ᠪᠠᠷ ᠮᠠᠯᠯᠠᠬᠤ ᠲᠥᠷᠥᠯ | ᠵᠦᠢᠯ ᠢ ᠬᠡᠷᠡᠭᠵᠢᠭᠦᠯᠵᠦ ᠪᠠᠶᠢᠭ᠎ᠠ ᠬᠤᠷᠰᠢᠶᠠᠵᠢᠯ ᠳᠤ ︽ᠳᠦᠮᠡᠨ ᠮᠡᠷᠭᠡᠵᠢᠯᠲᠡᠨ ᠦᠨᠳᠦᠰᠦᠨ ᠱᠠᠲᠤᠨ ᠳᠤ ᠬᠦᠷᠴᠣ | ᠦᠢᠯᠡᠴᠢᠯᠡᠬᠦ︾ ᠠᠵᠢᠯᠯᠠᠭ᠎ᠠ ᠶᠢ ᠥᠷᠨᠢᠭᠦᠯᠦᠭᠰᠡᠨ ᠪᠥᠭᠡᠳ ᠲᠤᠬᠠᠢ ᠶᠢᠨ ᠲᠠᠯᠠᠪᠤᠷ ᠤᠨ ᠪᠣᠯᠪᠠᠰᠣᠷᠠᠯ ᠢ ᠡᠷᠭᠢᠯᠡᠵᠦ᠂ | ᠲᠠᠷᠢᠶᠠᠯᠠᠬᠤ ᠣᠷᠣᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ ᠮᠡᠷᠭᠡᠵᠢᠯ ᠪᠠ ᠭᠠᠷ ᠬᠡᠭᠡᠯᠲᠦᠭᠦᠯᠭᠡ ᠶᠢᠨ | ᠮᠡᠷᠭᠡᠵᠢᠯ ᠤᠨ ᠬᠡᠷᠡᠭᠯᠡᠯᠲᠡ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ | ᠰᠢᠷᠠᠬᠦ᠋ᠳᠡᠭᠡ ᠭᠠᠴᠠᠭᠠᠨ ᠤ ᠬᠤᠷᠰᠢᠶᠠᠵᠢᠯ ᠤᠨ ᠬᠢᠨ ᠳᠣᠰᠬᠠᠢ ᠮᠡᠷᠭᠡᠵᠢᠯ ᠤᠨ ᠠᠵᠢᠯᠲᠠᠳ ᠤᠨ ᠬᠠᠪᠰᠤᠷᠤᠯᠭ᠎ᠠ ᠪᠠ | ᠵᠢᠯᠣᠭᠤᠳᠤᠯᠭ᠎ᠠ ᠳᠣᠣᠷ᠎ᠠ᠂ ᠢᠵᠢ ᠪᠦᠷᠢᠨ ᠭᠠᠷ ᠬᠡᠭᠡᠯᠲᠦᠭᠦᠯᠭᠡ ᠶᠢᠨ ᠪᠠᠭᠠᠵᠢ ᠬᠡᠷᠡᠭᠰᠡᠯ᠂ ᠡᠮ ᠤᠨ ᠵᠦᠢᠯ ᠵᠢᠴᠢ | ᠰᠢᠯᠢᠳᠡᠭ ᠡᠭᠦᠯᠳᠡᠷ ᠤᠨ ᠬᠤᠨᠢ ᠶᠢ ᠬᠤᠳᠠᠯᠳᠤᠨ ᠠᠪᠴᠣ᠂ ᠬᠤᠴᠠ ᠲᠡᠵᠢᠭᠡᠬᠦ᠂ ᠠᠷᠠᠴᠢᠯᠠᠬᠤ᠂ ᠦᠷ᠎ᠡ | ᠳᠠᠮᠵᠢᠭᠤᠯᠬᠤ ᠪᠠ ᠡᠮ᠎ᠡ ᠬᠤᠨᠢ ᠶᠢ ᠲᠡᠵᠢᠭᠡᠬᠦ ᠵᠡᠷᠭᠡ ᠪᠣᠳᠠᠲᠠᠢ ᠠᠵᠢᠯ ᠤᠨ ᠡᠮᠦᠨᠡᠬᠢ ᠬᠤᠭᠤᠴᠠᠭᠠᠨ ᠤ ᠪᠡᠯᠡᠳᠭᠡᠯ ᠢ | ᠭᠦᠢᠴᠡᠳ ᠬᠢᠵᠡᠢ᠃ ᠠᠯᠠᠱᠠ ᠵᠡᠭᠦᠨ ᠬᠤᠰᠢᠭᠤᠨ ᠤ ᠭᠡᠷ ᠤᠨ ᠲᠡᠵᠢᠭᠡᠪᠦᠷᠢ ᠶᠢᠨ ᠡᠭᠦᠯᠳᠡᠷ ᠢ ᠰᠠᠶᠢᠵᠢᠷᠠᠭᠤᠯᠬᠤ | ᠠᠵᠢᠯ ᠤᠨ ᠥᠷᠲᠡᠭᠡᠨ ᠤ ᠳᠠᠷᠤᠭ᠎ᠠ ᠸᠠᠩ ᠰᠢᠤ ᠶᠠᠨ᠄ ︽ᠳᠣᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡ᠂ ᠮᠡᠷᠭᠡᠵᠢᠯ ᠤᠨ ᠵᠢᠯᠣᠭᠤᠳᠤᠯᠭ᠎ᠠ᠂ ᠲᠥᠷᠥ ᠶᠢᠨ ᠪᠣᠳᠣᠯᠭ᠎ᠠ ᠶᠢᠨ ᠯᠠᠪᠯᠠᠯᠲᠠ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠨ ᠢ ᠢᠳᠡᠪᠬᠢᠲᠡᠢ ᠬᠥᠲᠥᠯᠥᠨ ᠵᠢᠯᠤᠭᠤᠳᠴᠤ ᠥᠨᠳᠥᠷ | ᠪᠦᠲᠦᠮᠵᠢᠲᠡᠶ ᠪᠠᠷ ᠬᠠᠰᠢᠶᠠᠯᠠᠨ ᠲᠡᠵᠢᠭᠡᠵᠦ ᠦᠷᠡᠵᠢᠭᠦᠯᠬᠦ᠂ ᠮᠡᠷᠭᠡᠵᠢᠯ ᠤᠨ ᠪᠠᠬᠢᠯᠡᠯᠲᠡ ᠪᠠ ᠠᠵᠤ ᠦᠢᠯᠡᠰ ᠤᠨ | ᠬᠥᠭᠵᠢᠯᠲᠡ ᠶᠢ ᠬᠤᠯᠪᠣᠭᠠᠯᠠᠨ᠂ ᠪᠥᠬᠦ ᠬᠤᠰᠢᠭᠤᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠳᠤ ᠠᠬᠢᠭᠤᠯᠬᠤ | ᠦᠢᠯᠡᠳᠦᠯ ᠦᠵᠡᠭᠦᠯᠦᠨ᠎ᠡ︾ ᠭᠡᠪᠡ᠃ | ᠠᠯᠠᠱᠠ ᠵᠡᠭᠦᠨ ᠬᠤᠰᠢᠭᠤ ︽ᠳᠦᠮᠡᠨ ᠮᠡᠷᠭᠡᠵᠢᠯᠲᠡᠨ ᠦᠨᠳᠦᠰᠦᠨ ᠱᠠᠲᠤᠨ ᠳᠤ ᠬᠦᠷᠴᠣ ᠦᠢᠯᠡᠴᠢᠯᠡᠬᠦ︾ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠬᠡᠷᠡᠭᠴᠡᠭᠡ | ᠪᠦᠬᠦᠢ ᠨᠢᠭᠡᠴᠡ ᠶᠢᠨ ︽ᠵᠠᠬᠢᠶᠠᠯᠠᠭ᠎ᠠ ᠶᠢᠨ ᠬᠠᠭᠤᠳᠠᠰᠤ︾ ᠶᠢᠨ ᠪᠠᠶᠢᠳᠠᠯ ᠳᠤ ᠴᠢᠭᠯᠡᠭᠦᠯᠦᠨ ᠨᠠᠷᠢᠯᠢᠭ | ᠣᠨᠣᠴᠠᠲᠠᠢ ᠪᠠᠷ ︽ᠬᠦᠯᠢᠶᠡᠨ ᠠᠪᠬᠤ︾ ᠪᠠᠷ ᠭᠤᠣᠯᠳᠠᠯᠭ᠎ᠠ ᠪᠣᠯᠭᠠᠵᠤ᠂ ᠪᠦᠬᠦ ᠬᠤᠰᠢᠭᠤᠨ ᠤ ᠦᠨᠳᠣᠰᠣᠨ | ᠱᠠᠲᠤᠨ ᠤ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢᠨ ᠬᠥᠮᠥᠷᠭᠡ ᠶᠢ ᠪᠠᠶᠢᠭᠤᠯᠵᠤ᠂ ᠤᠷ᠎ᠠ ᠮᠡᠷᠭᠡᠵᠢᠯ ᠤᠨ | ᠴᠢᠳᠠᠪᠤᠷᠢᠲᠠᠨ ᠢ ᠲᠣᠮᠢᠯᠠᠨ ᠮᠠᠯᠴᠢᠨ ᠲᠠᠷᠢᠶᠠᠴᠢᠨ ᠤ ᠭᠡᠷ ᠲᠤ ᠣᠴᠢᠭᠤᠯᠵᠤ᠂ ᠪᠣᠳᠠᠲᠠᠢ ᠠᠰᠠᠭᠤᠳᠠᠯ ᠢ | ᠰᠢᠢᠳᠪᠣᠷᠢᠯᠡᠨ᠂ ᠦᠨᠳᠦᠰᠦᠨ ᠱᠠᠲᠤᠨ ᠳᠤ ᠶᠠᠭᠤ ᠬᠡᠷᠡᠭᠴᠡᠭᠡ ᠲᠠᠢ ᠪᠣᠯ ᠲᠤᠰᠬᠠᠢ ᠮᠡᠷᠭᠡᠵᠢᠯᠲᠡᠨ ᠠᠴᠠ ᠬᠦᠷᠭᠡᠵᠦ᠂ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠨᠠᠷᠢᠯᠢᠭ ᠣᠨᠣᠴᠠᠲᠠᠢ ᠪᠠᠷ ᠪᠡᠶᠡᠯᠡᠭᠦᠯᠵᠦ᠂ ᠤᠳᠠᠭ᠎ᠠ ᠪᠦᠷᠢ ᠶᠢᠨ | ᠦᠢᠯᠡᠴᠢᠯᠡᠭᠡ ᠶᠢ ᠦᠨᠡᠨ ᠪᠣᠳᠠᠲᠠᠢ ᠬᠥᠭᠵᠢᠯᠲᠡ ᠶᠢᠨ ᠠᠷᠭ᠎ᠠ ᠬᠡᠮᠵᠢᠶ᠎ᠡ ᠪᠠ ᠠᠵᠤ ᠠᠬᠤᠢ ᠶᠢᠨ ᠦᠷ᠎ᠡ ᠪᠦᠲᠦᠭᠡᠯ | ᠪᠣᠯᠭᠠᠨ ᠬᠤᠪᠢᠷᠠᠭᠤᠯᠵᠤ᠂ ᠬᠦᠴᠦᠷᠬᠡᠭ ᠶᠡᠭᠡ ︽ᠣᠶᠤᠨ ᠤ ᠬᠦᠴᠦᠨ︾ ᠢᠶᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦᠨ ᠱᠠᠲᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠣ ᠪᠠᠶᠢᠨ᠎ᠠ᠃ | | | |