ᠥᠪᠥᠷ ᠮᠣᠩᠭᠤᠯ ᠤᠨ ᠬᠠᠭᠤᠷᠠᠶ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠰᠢᠨ᠎ᠡ ᠲᠡᠮᠳᠡᠭᠯᠡᠯ ᠢ ᠡᠭᠦᠳᠴᠠᠢ
ᠨᠡᠶᠢᠲᠡᠯᠡᠭᠰᠡᠨ ᠴᠠᠭ᠄
2024/11/1
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠠᠮᠢᠶᠠᠷᠤᠯᠳᠠ ᠶᠢᠨ ᠠᠯᠪᠠᠨ ᠭᠡᠷ ᠤᠨ ᠬᠠᠮᠤᠭ ᠤᠨ ᠰᠢᠨ᠎ᠡ ᠲᠤᠭ᠎ᠠ ᠪᠠᠷᠢᠮᠲᠠ ᠶᠢ ᠦᠨᠳᠦᠰᠦᠯᠡᠪᠡᠯ᠂ 10 ᠰᠠᠷ᠎ᠠ ᠶᠢᠨ 26 ᠤ ᠦᠳᠡ ᠶᠢᠨ ᠬᠤᠶᠢᠨᠠᠬᠢ 2 ᠴᠠᠭ 30 ᠮᠢᠨᠦ᠋ᠲ ᠪᠣᠯᠲᠠᠯ᠎ᠠ᠂ ᠥᠪᠥᠷ ᠮᠣᠩᠭᠤᠯ ᠤᠨ ᠬᠠᠭᠤᠷᠠᠢ ᠵᠠᠮ ᠤᠨ ᠬᠢᠯᠢ ᠶᠢᠨ ᠪᠣᠭᠤᠮᠲᠠ  ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠭᠠᠭᠴᠠᠮᠤᠳᠤ ᠪᠣᠭᠤᠮᠲᠠ ᠳᠤ ᠳᠠᠬᠢᠨᠲᠠ 1 ᠳ᠋ᠦᠩᠰᠢᠭᠤᠷ ᠲᠣᠨ ᠤ ᠶᠡᠭᠡ ᠪᠣᠭᠤᠮᠲᠠ ᠶᠢ ᠳᠠᠪᠠᠵᠤ᠂ 2023 ᠣᠨ ᠤ 12 ᠰᠠᠷ᠎ᠠ ᠶᠢᠨ 8 ᠤ ᠡᠳᠦᠷ ᠠᠩᠬ᠎ᠠ ᠤᠳᠠᠭ᠎ᠠ ᠳ᠋ᠦᠩᠰᠢᠭᠤᠷ ᠲᠣᠨ ᠢ ᠳᠠᠪᠠᠭᠰᠠᠨ ᠠᠴᠠ 43 ᠡᠳᠦᠷ ᠤᠷᠢᠳᠴᠢᠯᠠᠵᠠᠢ᠃    ᠥᠪᠥᠷ ᠮᠣᠩᠭᠤᠯ ᠣᠷᠣᠰ ᠮᠣᠩᠭᠤᠯ ᠬᠤᠶᠠᠷ ᠤᠯᠤᠰ ᠲᠠᠢ ᠬᠥᠷᠰᠢᠯᠡᠨ᠂ ᠬᠢᠯᠢ ᠶᠢᠨ ᠱᠤᠭᠤᠮ ᠤᠨ ᠣᠷᠳᠣ 4200 ᠭᠠᠷᠤᠶ ᠺᠢᠯᠣᠮᠧᠲᠷ ᠲᠤ ᠬᠦᠷᠴᠦ᠂ 14 ᠬᠠᠭᠤᠷᠠᠶ ᠵᠠᠮ ᠤᠨ ᠪᠣᠭᠤᠮᠲᠠ ᠲᠠᠢ ᠪᠠᠶᠢᠵᠤ᠂ 90% ᠠᠴᠠ ᠳᠡᠭᠡᠭᠰᠢᠬᠢ ᠳᠤᠮᠳᠠᠳᠤ ᠮᠣᠩᠭᠤᠯ ᠤᠨ ᠬᠠᠭᠤᠷᠠᠶ ᠵᠠᠮ ᠤᠨ ᠲᠡᠭᠡᠭᠡᠪᠦᠷᠢ ᠪᠠ 65% ᠠᠴᠠ ᠳᠡᠭᠡᠭᠰᠢᠬᠢ ᠳᠤᠮᠳᠠᠳᠤ ᠣᠷᠣᠰ ᠤᠨ ᠬᠠᠭᠤᠷᠠᠶ ᠵᠠᠮ ᠤᠨ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ ᠪᠠᠶᠢᠨ᠎ᠠ᠃ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠠᠮᠢᠶᠠᠷᠤᠯᠳᠠ ᠶᠢᠨ ᠠᠯᠪᠠᠨ ᠬᠡᠷ ᠠᠴᠠ ᠠᠳᠠᠯᠢ ᠪᠤᠰᠤ ᠬᠢᠯᠢ ᠶᠢᠨ ᠪᠣᠭᠤᠮᠲᠠ ᠶᠢᠨ ᠲᠥᠷᠥᠯ ᠬᠡᠯᠪᠡᠷᠢ ᠪᠠ ᠴᠢᠳᠠᠮᠵᠢ ᠶᠢᠨ ᠣᠨᠴᠠᠯᠢᠭ ᠲᠤ ᠴᠢᠭᠯᠡᠭᠦᠯᠦᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠢᠯᠢ ᠶᠢᠨ ᠪᠣᠭᠤᠮᠲᠠ ᠶᠢᠨ 32 ᠭᠤᠤᠯᠳᠠᠯᠭ᠎ᠠ ᠲᠠᠢ ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠬᠦ ᠶᠢ ᠳᠡᠮᠵᠢᠵᠦ᠂ ᠬᠢᠯᠢ ᠶᠢᠨ ᠪᠣᠭᠤᠮᠲᠠ ᠶᠢᠨ ᠤᠶᠤᠨᠴᠢᠯᠠᠬᠤ ᠥᠭᠡᠷᠡᠴᠢᠯᠡᠯᠲᠡ ᠪᠠ ᠬᠢᠨᠠᠨ ᠬᠠᠮᠢᠶᠠᠷᠬᠤ ᠠᠵᠢᠯ ᠤᠨ ᠶᠠᠪᠤᠴᠠ ᠶᠢ ᠰᠢᠯᠢᠳᠡᠭᠵᠢᠭᠦᠯᠬᠦ ᠶᠢ ᠠᠬᠢᠭᠤᠯᠤᠨ᠂ ᠬᠢᠯᠢ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠲᠦᠷᠭᠡᠨ ᠨᠡᠮᠡᠭᠳᠡᠬᠦ ᠶᠢ ᠠᠬᠢᠭᠤᠯᠵᠤ᠂ ᠥᠪᠥᠷ ᠮᠣᠩᠭᠤᠯ ᠤᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠡᠷᠴᠢᠮ ᠬᠦᠴᠦᠨ ᠲᠡᠭᠦᠯᠳᠡᠷ ᠪᠣᠯᠪᠠ᠃    ᠭᠠᠭᠴᠠᠮᠤᠳᠤ ᠪᠣᠭᠤᠮᠲᠠ ᠪᠤᠯ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣᠬᠢ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠠᠶᠢᠵᠤ᠂ ᠤᠯᠤᠰ ᠤᠨ ᠳᠣᠲᠣᠭᠠᠳᠤ ᠳᠤ AGV ︵ᠠᠦ᠋ᠲ᠋ᠣ᠋ ᠬᠥᠲᠥᠴᠢ ᠲᠡᠷᠭᠡ︶ ᠵᠢᠯᠣᠭᠤᠴᠢ ᠥᠬᠡᠶ ᠬᠢᠯᠢ ᠠᠯᠤᠰᠯᠠᠭᠰᠠᠨ ᠲᠡᠭᠡᠭᠡᠪᠦᠷᠢ  ᠶᠢᠨ ᠲᠥᠷᠥᠯ ᠵᠦᠢᠯ ᠢ ᠡᠩ ᠲᠡᠷᠢᠭᠦᠨ ᠳᠤ ᠡᠬᠢᠯᠡᠭᠦᠯᠪᠡ᠃ AGV ᠨᠢ ᠮᠣᠩᠭᠤᠯ ᠤᠯᠤᠰ ᠤᠨ ᠲᠣᠭᠠᠴᠢᠯᠠᠭᠰᠠᠨ ᠴᠢᠩᠭᠡᠯᠢᠭ ᠤᠨ ᠭᠠᠷᠠᠮ ᠠᠴᠠ ᠭᠠᠭᠴᠠᠮᠤᠳᠤ ᠪᠣᠭᠤᠮᠲᠠ ᠶᠢᠨ ᠲᠣᠭᠲᠠᠭᠰᠠᠨ ᠬᠢᠨᠠᠨ ᠬᠠᠮᠢᠶᠠᠷᠬᠤ ᠲᠠᠯᠠᠪᠤᠷ ᠬᠦᠷᠲᠡᠯᠡᠬᠢ ᠪᠦᠬᠦ ᠶᠠᠪᠤᠴᠠ ᠶᠢ ᠬᠠᠮᠤᠷᠴᠤ᠂ ᠪᠦᠬᠦ ᠶᠠᠪᠤᠴᠠ ᠳᠤ ᠠᠵᠢᠯᠲᠠᠨ ᠵᠢᠵᠢᠭᠦᠷᠯᠡᠬᠦ ᠬᠡᠷᠡᠭ ᠦᠭᠡᠢ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠡᠳᠦᠷ ᠪᠦᠷᠢ ᠳᠤᠮᠳᠠᠴᠢ ᠪᠠᠷ 200 ᠤᠳᠠᠭ᠎ᠠ ᠠᠶᠠᠯᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃    ᠡᠷᠢᠶᠡᠨ ᠪᠣᠭᠤᠮᠲᠠ ᠪᠤᠯ ᠳᠤᠮᠳᠠᠳᠤ ᠮᠣᠩᠭᠤᠯ ᠤᠨ ᠬᠠᠮᠤᠭ ᠤᠨ ᠶᠡᠭᠡ ᠶᠡᠷᠦᠩᠬᠡᠶᠢᠯᠡᠭᠰᠡᠨ ᠬᠦᠢᠰᠦ ᠪᠣᠭᠤᠮᠲᠠ ᠪᠠᠶᠢᠵᠤ᠂ ᠵᠠᠰᠠᠮᠠᠯ ᠵᠠᠮ ᠤᠨ ᠪᠣᠭᠤᠮᠲᠠ ᠪᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠡᠳᠦᠷ ᠪᠦᠷᠢ ᠳᠤᠮᠳᠠᠴᠢ ᠪᠠᠷ 900 ᠭᠠᠷᠤᠢ ᠤᠳᠠᠭ᠎ᠠ ᠨᠠᠭᠠᠰᠢ ᠴᠠᠭᠠᠰᠢ ᠰᠦᠯᠵᠢᠯᠳᠦᠵᠦ ᠪᠠᠶᠢᠨ᠎ᠠ᠃ ᠣᠳᠣᠬᠠᠨ ᠪᠣᠯ ᠲᠦᠭᠦᠬᠡᠶ ᠰᠣᠷᠭᠤᠭ ᠵᠢᠮᠢᠰ ᠢᠳᠡᠰᠢᠨ ᠨᠣᠭᠤᠭ᠎ᠠ ᠶᠢᠨ ᠲᠡᠭᠡᠭᠡᠪᠦᠷᠢ ᠶᠢᠨ ᠣᠷᠭᠢᠯ ᠤᠨ ᠬᠤᠭᠤᠴᠠᠭ᠎ᠠ ᠪᠣᠯᠤᠨ᠎ᠠ᠂ ᠰᠠᠭᠠᠳ ᠥᠬᠡᠶ ᠨᠡᠪᠲᠡᠷᠡᠬᠦ ᠵᠠᠮ ᠨᠢ ᠡᠳ᠋ ᠪᠠᠷᠠᠭ᠎ᠠ ᠶᠢ ︽ᠬᠦᠷᠦᠭᠰᠡᠨ ᠳᠠᠷᠤᠢ ᠳᠤ ᠪᠠᠶᠢᠴᠠᠭᠠᠵᠤ ᠦᠡᠭᠭᠡᠷᠡᠭᠦᠯᠬᠦ︾ ᠶᠢ ᠪᠠᠲᠤᠯᠠᠵᠤ᠂ ᠦᠢᠯᠡᠳᠬᠦᠨ ᠢ ᠬᠠᠮᠤᠭ ᠤᠨ ᠲᠦᠷᠭᠡᠨ ᠬᠤᠷᠳᠤᠴᠠ ᠪᠠᠷ ᠮᠣᠩᠭᠤᠯ ᠤᠯᠤᠰ ᠲᠤ ᠬᠦᠷᠭᠡᠵᠦ ᠪᠠᠶᠢᠨ᠎ᠠ᠃ ᠲᠡᠮᠦᠷ ᠵᠠᠮ ᠤᠨ ᠪᠣᠭᠤᠮᠲᠠ ᠳᠤ᠂ ᠪᠣᠭᠤᠮᠲᠠ ᠶᠢᠨ ᠠᠵᠢᠯᠲᠠᠨ H2010 ᠰᠢᠰᠲ᠋ᠧᠮ ᠢ ᠬᠡᠷᠡᠭᠯᠡᠵᠦ᠂ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠪᠣᠭᠤᠮᠲᠠ ᠰᠢᠯᠵᠢᠬᠦ ᠶᠢ ᠠᠦ᠋ᠲ᠋ᠣ᠋ ᠪᠠᠷ ᠬᠢᠨᠠᠨ ᠪᠠᠶᠢᠴᠠᠭᠠᠬᠤ ᠪᠠ ᠬᠢᠨᠠᠵᠤ ᠭᠠᠷᠭᠠᠬᠤ ᠶᠢ ᠪᠡᠶᠡᠯᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠴᠠᠭ ᠢ 70% ᠪᠠᠷ ᠪᠠᠭᠠᠰᠬᠠᠪᠠ᠃    ᠮᠠᠨᠵᠤᠤᠷ ᠪᠣᠭᠤᠮᠲᠠ ᠪᠤᠯ ᠳᠤᠮᠳᠠᠳᠤ ᠣᠷᠣᠰ ᠤᠨ ᠬᠠᠮᠤᠭ ᠤᠨ ᠶᠡᠭᠡ ᠬᠠᠭᠤᠷᠠᠶ ᠵᠠᠮ ᠤᠨ ᠬᠢᠯᠢ ᠢᠢᠨ ᠪᠣᠭᠤᠮᠲᠠ ᠪᠤᠯᠤᠨ᠎ᠠ᠃ ᠲᠡᠭᠦᠨ ᠤ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠰᠢᠯᠭᠠᠨ ᠪᠠᠶᠢᠴᠠᠭᠠᠬᠤ ᠭᠠᠵᠠᠷ ᠲᠤ ᠴᠣ ᠰᠢᠨ᠎ᠡ ᠤᠶᠤᠨᠴᠢ ᠲᠥᠬᠦᠭᠡᠷᠦᠮᠵᠢ ᠪᠠᠷ ᠲᠡᠷᠭᠡᠨ ᠫᠠᠶᠢᠰᠠ ᠶᠢ ᠰᠡᠭᠦᠳᠡᠷᠯᠡᠬᠦ ᠶᠢ ᠲᠣᠬᠢᠷᠠᠭᠤᠯᠵᠤ᠂ ᠲᠡᠷᠭᠡᠨ ᠫᠠᠶᠢᠰᠠ  ᠶᠢᠨ ᠨᠣᠮᠧᠷ ᠢ ᠢᠯᠭᠠᠨ ᠲᠠᠨᠢᠬᠤ ᠪᠠᠷ ᠪᠠᠷᠠᠬᠤ ᠥᠬᠡᠶ ᠪᠠᠰᠠ ᠲᠡᠷᠭᠡᠨ ᠤ ᠥᠩᠭᠡ᠂ ᠲᠦᠷᠦᠯ ᠲᠡᠮᠳᠡᠭ ᠵᠡᠷᠭᠡ ᠨᠠᠷᠢᠨ ᠵᠦᠢᠯᠡᠰ ᠤᠨ ᠮᠡᠳᠡᠭᠡ ᠵᠠᠩᠭᠢ ᠶᠢ ᠴᠤᠭᠯᠠᠭᠤᠯᠵᠤ᠂ ᠡᠲᠡᠭᠡᠷ ᠲᠤᠭ᠎ᠠ ᠪᠠᠷᠢᠮᠲᠠ ᠶᠢ ᠬᠢᠯᠢ ᠶᠢᠨ ᠪᠠᠶᠢᠴᠠᠭᠠᠯᠲᠠ᠂ ᠪᠣᠭᠤᠮᠲᠠ ᠶᠢᠨ ᠡᠭᠦᠯᠡᠨ ᠲᠠᠪᠴᠠᠩ ᠲᠠᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ ᠲᠡᠮᠦᠷ ᠵᠠᠮ ᠤᠨ ᠪᠣᠭᠤᠮᠲᠠ ᠳᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠳᠦᠭᠦᠷᠡᠩ ᠪᠠᠷᠠᠭ᠎ᠠ ᠠᠴᠢᠶᠠᠯᠠᠵᠤ ᠥᠷᠲᠡᠭᠡᠨ ᠳᠤ ᠤᠷᠤᠭᠰᠠᠨ ᠤ ᠳᠠᠷᠠᠭ᠎ᠠ᠂ ᠪᠣᠭᠤᠮᠲᠠ ᠶᠢᠨ ᠠᠵᠢᠯᠲᠠᠳ ᠭᠠᠯᠲᠤ ᠲᠡᠷᠭᠡ ᠶᠢ ᠲᠦᠷᠭᠡᠨ ᠪᠠᠶᠢᠴᠠᠭᠠᠨ ᠰᠢᠯᠭᠠᠵᠤ᠂ ᠰᠢᠯᠢᠳᠡᠭᠵᠢᠭᠦᠯᠦᠭᠰᠡᠨ ᠤ ᠳᠠᠷᠠᠭᠠᠬᠢ ᠰᠢᠯᠭᠠᠨ ᠪᠠᠶᠢᠴᠠᠭᠠᠬᠤ ᠶᠠᠪᠤᠴᠠ ᠪᠣᠯᠤᠨ ᠡᠯᠧᠺᠲᠷᠣᠨᠴᠢᠯᠡᠭᠰᠡᠨ ᠠᠵᠢᠯᠯᠠᠬᠤ ᠠᠷᠭ᠎ᠠ ᠪᠠᠷ ᠳᠠᠮᠵᠢᠭᠤᠯᠤᠨ᠂ ᠠᠵᠢᠯᠯᠠᠬᠤ ᠴᠠᠭ ᠢ ᠴᠠᠭ ᠢᠶᠠᠷ ᠪᠤᠳᠤᠵᠤ ᠪᠠᠶᠢᠭᠰᠠᠨ ᠠᠴᠠ ᠮᠢᠨᠦ᠋ᠲ ᠢᠶᠠᠷ ᠪᠤᠳᠤᠬᠤ ᠪᠤᠯᠪᠠ᠃    ᠴᠡᠭᠡ ᠪᠣᠭᠤᠮᠲᠠ ᠪᠣᠯᠤᠨ ᠮᠠᠨᠳᠤᠯ ᠪᠣᠭᠤᠮᠲᠠ ︽ᠬᠠᠮᠲᠤᠷᠠᠨ ᠪᠠᠶᠢᠴᠠᠭᠠᠬᠤ ᠬᠠᠮᠲᠤᠷᠠᠨ ᠲᠡᠭᠡᠭᠡᠪᠦᠷᠢᠯᠡᠬᠦ︾ ᠲᠣᠭᠲᠠᠴᠠ ᠶᠢ ᠬᠦᠴᠦᠯᠡᠨ ᠠᠬᠢᠭᠤᠯᠵᠤ᠂ ᠪᠠᠶᠢᠴᠠᠭᠠᠨ ᠰᠢᠯᠭᠠᠬᠤ ᠡᠬᠢ ᠪᠠᠶᠠᠯᠢᠭ ᠢ ᠨᠡᠶᠢᠳᠭᠡᠬᠦ᠂ ᠠᠵᠢᠯᠯᠠᠬᠤ ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ︽ᠨᠢᠭᠡ ᠤᠳᠠᠭ᠎ᠠ ᠪᠠᠶᠢᠴᠠᠭᠠᠨ ᠰᠢᠯᠭᠠᠵᠤ᠂ ᠨᠢᠭᠡ ᠤᠳᠠᠭ᠎ᠠ ᠳᠤ ᠥᠩᠭᠡᠷᠡᠭᠦᠯᠬᠦ︾ ᠶᠢ ᠪᠡᠶᠡᠯᠡᠭᠦᠯᠪᠡ᠃ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠪᠠᠷᠠᠭᠠᠨ ᠤ ᠪᠣᠭᠤᠮᠲᠠ ᠪᠠᠷ ᠥᠩᠭᠡᠷᠡᠬᠦ ᠶᠢ ᠨᠠᠩ ᠤᠷᠤᠭᠰᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠪᠠ᠃ 10 ᠰᠠᠷ᠎ᠠ ᠶᠢᠨ 26 ᠤ ᠡᠳᠦᠷ ᠪᠣᠯᠲᠠᠯ᠎ᠠ᠂ ᠴᠡᠭᠡ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ 2000 ᠲᠦᠮᠡᠨ ᠲᠣᠨ ᠢ ᠳᠠᠪᠠᠵᠤ᠂ ᠪᠣᠭᠤᠮᠲᠠ ᠨᠡᠭᠡᠭᠡᠭᠰᠡᠨ ᠠᠴᠠ ᠨᠠᠭᠠᠰᠢᠬᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃    ᠥᠪᠥᠷ ᠮᠣᠩᠭᠤᠯ ᠤᠨ ᠡᠯ᠎ᠡ ᠬᠢᠯᠢ ᠶᠢᠨ ᠪᠣᠭᠤᠮᠲᠠ ᠶᠢᠨ ᠬᠢᠨ ᠪᠦᠭᠡᠮ ᠲᠠᠸᠠᠷ ᠤᠨ ᠪᠣᠭᠤᠮᠲᠠ ᠪᠠᠷ ᠲᠦᠷᠭᠡᠨ ᠥᠩᠭᠡᠷᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠣᠭᠤᠮᠲᠠ ᠪᠠᠷ ᠳᠠᠮᠵᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ᠂ ᠲᠡᠮᠦᠷ ᠤᠨ ᠬᠦᠳᠡᠷ ᠵᠡᠷᠭᠡ ᠪᠦᠭᠡᠮ ᠲᠠᠸᠠᠷ ᠨᠢ ᠤᠯᠤᠰ ᠤᠨ ᠳᠣᠲᠣᠭᠠᠳᠤ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠴᠢᠬᠤᠯᠠ ᠲᠤᠯᠭᠠᠭᠤᠷᠢᠯᠠᠯ ᠬᠠᠩᠭᠠᠪᠠ᠃ ︽ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶᠡᠨ ᠤ ᠤᠷᠢᠳᠴᠢᠯᠠᠨ ᠳ᠋ᠦᠩᠰᠢᠭᠤᠷ ᠲᠣᠨ ᠢ ᠳᠠᠪᠠᠭᠰᠠᠨ ᠨᠢ ᠮᠠᠨ ᠤ ᠣᠷᠣᠨ ᠤ ᠬᠢᠯᠢ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠠᠰᠤ ᠴᠢᠨᠠᠷ ᠤᠯᠠᠮ ᠴᠢᠨᠠᠬᠰᠢᠲᠠ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ ᠪᠢᠳᠡ ᠭᠤᠤᠯᠳᠠᠯᠭ᠎ᠠ ᠲᠠᠢ ᠲᠠᠸᠠᠷ ᠤᠨ ᠪᠣᠭᠤᠮᠲᠠ ᠥᠩᠭᠡᠷᠡᠬᠦ ᠂ ᠬᠡᠰᠡᠭ ᠪᠣᠭᠤᠮᠲᠠ ᠶᠢᠨ ᠪᠣᠭᠤᠮᠲᠠ ᠥᠩᠭᠡᠷᠡᠬᠦ ᠴᠠᠭ ᠢ ᠤᠷᠲᠤᠳᠬᠠᠬᠤ ᠶᠢ ᠭᠤᠤᠯ ᠠᠩᠬᠠᠷᠬᠤ᠂ ᠠᠮᠤ ᠪᠤᠳᠠᠭ᠎ᠠ ᠪᠠ ᠮᠢᠬᠠᠨ ᠤ ᠵᠦᠢᠯ ᠵᠡᠷᠭᠡ ᠶᠢᠨ ᠪᠣᠭᠤᠮᠲᠠ ᠶᠢᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠤᠯᠲᠠ ᠶᠢᠨ ᠲᠠᠯᠠᠪᠤᠷ ᠭᠠᠵᠠᠷ ᠤᠨ ᠵᠥᠪᠰᠢᠶᠡᠷᠡᠯ ᠤᠯᠬᠤ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠣᠭᠤᠮᠲᠠ ᠶᠢᠨ ᠴᠢᠳᠠᠮᠵᠢ ᠶᠢ ᠨᠠᠩ ᠰᠠᠶᠢᠲᠤᠷ ᠪᠠᠳᠠᠷᠠᠭᠤᠯᠵᠤ᠂ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠠᠮᠢᠶᠠᠷᠤᠯᠳᠠ ᠶᠢᠨ ᠠᠯᠪᠠᠨ ᠬᠡᠷ ᠤᠨ ᠪᠣᠭᠤᠮᠲᠠ ᠥᠩᠭᠡᠷᠡᠬᠦ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠯᠢ ᠴᠦᠨ ᠶᠠᠩ ᠬᠡᠯᠡᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号