︽ᠭᠠᠷ ᠬᠤᠯᠪᠣᠨ ᠬᠠᠮᠲᠤᠷᠠᠯᠴᠠᠵᠤ ᠭᠠᠶᠢᠬᠠᠮᠰᠢᠭᠲᠣ ᠢᠷᠡᠭᠡᠳᠦᠢ ᠪᠠᠨ ᠬᠠᠮᠲᠤ ᠪᠠᠷ ᠴᠣᠭᠴᠠᠯᠠᠶ᠎ᠠ ︾ ᠹᠦᠵᠧᠦ · ᠠᠯᠠᠱᠠ ᠶᠢᠨ ᠪᠡᠯᠡ ᠣᠷᠣᠭᠤᠯᠤᠯᠲᠠ ᠶᠢᠨ ᠣᠷᠴᠢᠨ ᠢ ᠲᠠᠨᠢᠯᠴᠠᠭᠤᠯᠬᠤ ᠬᠤᠷᠠᠯ ᠬᠤᠷᠠᠯᠳᠤᠪᠠ 
ᠨᠡᠶᠢᠲᠡᠯᠡᠭᠰᠡᠨ ᠴᠠᠭ᠄
2024/11/11
    11 ᠰᠠᠷ᠎ᠠ ᠶᠢᠨ 7 ᠤ ᠡᠳᠦᠷ ᠂ ︽ᠭᠠᠷ ᠬᠤᠯᠪᠣᠨ ᠬᠠᠮᠲᠤᠷᠠᠯᠴᠠᠵᠤ ᠭᠠᠶᠢᠬᠠᠮᠰᠢᠭᠲᠣ ᠢᠷᠡᠭᠡᠳᠦᠢ ᠪᠠᠨ ᠬᠠᠮᠲᠤ ᠪᠠᠷ ᠴᠣᠭᠴᠠᠯᠠᠶ᠎ᠠ ︾ ᠹᠦᠵᠧᠦ · ᠠᠯᠠᠱᠠ ᠶᠢᠨ ᠪᠠᠯᠠ ᠣᠷᠣᠭᠤᠯᠤᠯᠲᠠ ᠶᠢᠨ ᠣᠷᠴᠢᠨ ᠢ ᠳᠠᠨᠢᠯᠴᠠᠭᠤᠯᠬᠤ ᠬᠤᠷᠠᠯ ᠹᠦᠵᠧᠦ ᠬᠤᠲᠠ ᠳᠤ ᠶᠠᠪᠤᠭᠳᠠᠪᠠ ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠠᠶᠢᠮᠠᠭ ᠤᠨ ᠳᠠᠷᠤᠭ᠎ᠠ ᠪᠠᠢ ᠬᠠᠢ ᠯᠢᠨ ᠂ ᠹᠦᠵᠧᠦ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠮᠢᠩ ᠵᠧᠩ ᠪᠠᠶᠠᠷ ᠤᠨ ᠦᠭᠡ ᠬᠡᠯᠡᠵᠦ ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠸᠧᠢ ᠳ᠋ᠦᠩ ᠣᠷᠣᠯᠴᠠᠵᠤ ᠂ ᠠᠶᠢᠮᠠᠭ ᠤᠨ ᠳᠡᠳ᠋ ᠳᠠᠷᠤᠭ᠎ᠠ ᠪᠦᠦ ᠶᠧ ᠬᠤᠷᠠᠯ ᠢ ᠡᠷᠬᠢᠯᠡᠪᠡ ᠃
1.jpg
    ᠵᠤᠤ ᠮᠢᠩ ᠵᠧᠩ ᠂ ᠥᠭᠡᠷᠡᠴᠢᠯᠡᠯᠲᠡ ᠨᠡᠬᠡᠬᠡᠯᠳᠡ ᠬᠢᠭᠰᠡᠨ ᠠᠴᠠ ᠨᠠᠰᠢ ᠂ ᠹᠦᠵᠧᠦ ᠶᠢᠨ ᠬᠢᠨ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ ᠂ ᠨᠡᠬᠡᠮᠡᠯ ᠬᠢᠮᠢ ᠶᠢᠨ ᠰᠢᠷᠬᠡᠭ ᠂ ᠲᠡᠮᠦᠷᠯᠢᠭ ᠪᠣᠯᠪᠠᠰᠤᠷᠠᠭᠤᠯᠬᠤ ᠪᠠᠷᠢᠯᠭ᠎ᠠ ᠶᠢᠨ ᠮᠠᠲ᠋ᠧᠷᠢᠶᠠᠯ ᠂ ᠮᠠᠰᠢᠨ ᠮᠧᠬᠠᠨᠢᠭ ᠦᠢᠯᠡᠳᠬᠦ ᠂ ᠬᠦᠩᠬᠡᠨ ᠠᠵᠤ ᠦᠢᠯᠡᠳᠪᠦᠷᠢ ᠢᠳᠡᠭᠡᠨ ᠂ ᠡᠨᠧᠷᠭᠢ ᠂ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠵᠡᠷᠭᠡ ᠮᠢᠩᠭᠠᠨ ᠳ᠋ᠦᠩᠰᠢᠭᠤᠷ ᠤᠨ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠪᠠ ᠃ ᠠᠯᠠᠱᠠ ᠠᠶᠢᠮᠠᠭ ᠪᠣᠯ ᠲᠦᠷᠭᠡᠨ ᠨᠡᠭᠡᠭᠡᠨ ᠬᠥᠭᠵᠢᠭᠦᠯᠬᠦ ᠪᠠᠷ ᠪᠠᠶᠢᠭ᠎ᠠ ᠪᠡᠯᠡ ᠣᠷᠣᠭᠤᠯᠤᠯᠲᠠ ᠶᠢᠨ ᠬᠠᠯᠠᠭᠤᠨ ᠬᠥᠷᠥᠰᠥ ᠂ ᠠᠷᠠᠯᠵᠢᠶᠠᠨ ᠤ ᠠᠵᠠ ᠲᠣᠬᠢᠶᠠᠯ ᠢ ᠬᠠᠳᠠᠭᠠᠯᠠᠵᠤ ᠪᠠᠶᠢᠭ᠎ᠠ ᠦᠢᠯᠡᠰ ᠪᠤᠰᠬᠠᠬᠤ ᠪᠤᠶᠠᠨᠲᠤ ᠭᠠᠵᠠᠷ ᠪᠣᠯᠤᠨ᠎ᠠ ᠃ ᠠᠯᠢ ᠡᠷᠲᠡ 2001 ᠣᠨ ᠳᠤ ᠂ ᠹᠦᠵᠧᠦ ᠬᠤᠳᠠ ᠪᠣᠯᠤᠨ ᠠᠯᠠᠱᠠ ᠠᠶᠢᠮᠠᠭ ᠨᠥᠬᠦᠷᠰᠡᠭ ᠬᠤᠳᠠ ᠪᠤᠯᠵᠤ ᠂ 20 ᠭᠠᠷᠤᠢ ᠵᠢᠯ ᠤᠨ ᠲᠤᠷᠰᠢ ᠂ ᠬᠤᠶᠠᠷ ᠭᠠᠵᠠᠷ ᠴᠠᠭ ᠬᠤᠭᠤᠴᠠᠭ᠎ᠠ ᠣᠷᠣᠨ ᠵᠠᠢ ᠶᠢ ᠲᠤᠭᠤᠯᠵᠤ ᠂ ᠶᠠᠪᠤᠬᠤ ᠲᠤᠳᠤᠮ ᠰᠢᠨᠡᠳᠦᠭᠰᠡᠨ ᠭᠦᠨ ᠵᠤᠵᠠᠭᠠᠨ ᠨᠥᠬᠦᠷᠯᠡᠯ ᠪᠠᠶᠢᠭᠤᠯᠪᠠ ᠃ ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠨᠢ ᠬᠤᠶᠠᠷ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠰᠢᠨ᠎ᠡ ᠬᠥᠭᠵᠢᠯᠲᠡ ᠶᠢᠨ ᠱᠠᠲᠤᠨ ᠳᠤ ᠣᠷᠣᠭᠰᠠᠨ ᠢ ᠬᠠᠷᠠᠭᠤᠯᠵᠤ ᠂ ᠢᠷᠡᠭᠡᠳᠦᠢ ᠳᠤ ᠬᠤᠶᠠᠷ ᠭᠠᠵᠠᠷ ᠤᠨ ᠨᠥᠬᠦᠷᠰᠡᠭ ᠶᠠᠪᠤᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠂ ᠡᠨᠧᠷᠭᠢ ᠂ ᠬᠢᠮᠢ ᠶᠢᠨ ᠠᠵᠤ ᠦᠢᠯᠡᠳᠪᠦᠷᠢ ᠂ ᠰᠢᠨ᠎ᠡ ᠮᠠᠲ᠋ᠧᠷᠢᠶᠠᠯ ᠂ ᠰᠣᠶᠣᠯ ᠵᠢᠭᠤᠯᠴᠢᠯᠠᠯ ᠵᠡᠷᠭᠡ ᠲᠠᠯ᠎ᠠ ᠪᠠᠷ ᠨᠠᠩ ᠶᠡᠭᠡ ᠬᠡᠪᠴᠢᠶ᠎ᠡ ᠂ ᠨᠠᠩ ᠭᠦᠨ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠪᠡ ᠃ 
2.jpg
     ᠪᠠᠢ ᠬᠠᠢ ᠯᠢᠨ ᠂ ᠠᠯᠠᠱᠠ ᠪᠣᠯᠤᠨ ᠹᠦᠵᠧᠦ ᠬᠡᠳᠦᠶᠢᠪᠡᠷ ᠠᠯᠤᠰ ᠬᠤᠯᠠ ᠪᠠᠶᠢᠪᠠᠴᠤ ᠂ ᠨᠥᠬᠦᠷᠯᠡᠯ ᠥᠨᠢ ᠤᠳᠠᠭᠠᠨ ᠲᠡᠦᠬᠡ ᠲᠠᠢ ᠂ ᠬᠠᠮᠲᠤᠷᠠᠯᠴᠠᠭᠠᠨ ᠤ ᠰᠠᠭᠤᠷᠢ ᠰᠠᠶᠢᠨ ᠪᠠᠶᠢᠵᠤ ᠂ 20 ᠭᠠᠷᠤᠢ ᠵᠢᠯ ᠤᠨ ᠡᠮᠦᠨ᠎ᠡ ᠨᠥᠬᠦᠷᠰᠡᠭ ᠬᠤᠳᠠ ᠪᠤᠯᠵᠤ ᠂ ᠡᠨᠡ ᠵᠢᠯ ᠤᠨ 6 ᠰᠠᠷ᠎ᠠ ᠳᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ ᠂ ᠬᠤᠶᠠᠷ ᠭᠠᠵᠠᠷ ᠭᠦᠨ ᠵᠤᠵᠠᠭᠠᠨ ᠨᠥᠬᠦᠷᠰᠡᠭ ᠬᠠᠮᠳᠣᠷᠠᠯᠴᠠᠭ᠎ᠠ ᠶᠢ ᠦᠷᠭᠦᠯᠵᠢᠯᠡᠨ ᠪᠢᠴᠢᠭᠯᠡᠵᠡᠢ ᠃ ᠲᠤᠰ ᠤᠳᠠᠭ᠎ᠠ ᠹᠦᠵᠸᠣ ᠳᠤ ᠢᠷᠡᠵᠦ ᠰᠢᠨᠵᠢᠯᠡᠨ ᠪᠠᠶᠢᠴᠠᠭᠠᠬᠤ ᠂ ᠠᠷᠠᠯᠵᠢᠶᠠᠴᠢᠨ ᠤᠷᠢᠵᠤ ᠲᠠᠨᠢᠯᠴᠠᠭᠤᠯᠬᠤ ᠂ ᠬᠠᠮᠲᠤᠷᠠᠯᠴᠠᠭ᠎ᠠ ᠬᠢᠵᠦ ᠭᠡᠷ᠎ᠡ ᠲᠣᠭᠲᠠᠬᠤ ᠨᠢ ᠯᠠᠪᠲᠠᠢ ᠠᠯᠠᠱᠠ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠴᠢᠳᠠᠪᠤᠷᠢ ᠲᠡᠰ ᠢ ᠳᠡᠭᠡᠭᠰᠢᠯᠡᠭᠦᠯᠬᠦ ᠂ ᠺᠠᠳ᠋ᠷ ᠤᠨ ᠡᠩᠨᠡᠭᠡᠨ ᠤ ᠬᠡᠪ ᠴᠢᠨᠠᠷ ᠢ ᠴᠢᠩᠭᠠᠳᠬᠠᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ ᠂ ᠰᠢᠨ᠎ᠡ ᠲᠤᠯᠭᠠᠭᠤᠷᠢᠯᠠᠯ ᠬᠠᠩᠭᠠᠬᠤ ᠪᠣᠯᠤᠨ᠎ᠠ ᠃ ᠠᠵᠤ ᠠᠬᠤᠶᠢᠯᠠᠯᠲᠠᠳ ᠪᠠᠯᠠ ᠣᠷᠣᠭᠤᠯᠤᠯᠲᠠ ᠶᠢᠨ ᠬᠠᠷᠠᠴᠠ ᠪᠠᠨ ᠠᠯᠠᠱᠠ ᠳᠤ ᠲᠥᠪᠯᠡᠷᠡᠭᠦᠯᠵᠦ ᠂ ᠦᠢᠯᠡᠰ ᠪᠤᠰᠬᠠᠬᠤ ᠠᠯᠬᠤᠭ᠎ᠠ ᠪᠠᠨ ᠠᠯᠠᠱᠠ ᠳᠤ ᠦᠯᠡᠳᠡᠭᠡᠵᠦ ᠂ ᠴᠢᠨᠠᠷ ᠰᠠᠶᠢᠲᠠᠢ ᠲᠥᠷᠥᠯ ᠵᠦᠢᠯ ᠢ ᠠᠯᠠᠱᠠ ᠳᠤ ᠨᠠᠶᠢᠳᠠᠪᠣᠷᠢᠵᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠂ ᠮᠠᠨ ᠤ ᠠᠶᠢᠮᠠᠭ ᠨᠡᠭᠡᠭᠡᠯᠲᠡ ᠲᠠᠢ ᠂ ᠪᠠᠭᠲᠠᠭᠠᠮᠵᠢᠲᠠᠢ ᠂ ᠳᠥᠭᠦᠮ ᠳᠥᠲᠡ ᠂ ᠥᠨᠳᠥᠷ ᠪᠦᠲᠦᠮᠵᠢᠲᠡᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠪᠣᠢ ᠪᠣᠯᠭᠠᠵᠤ ᠂ ᠥᠷᠭᠡᠨ ᠣᠯᠠᠨ ᠠᠵᠤ ᠠᠬᠤᠶᠢᠯᠠᠯᠲᠠᠳ ᠰᠠᠨᠠᠭ᠎ᠠ ᠠᠮᠤᠷ ᠦᠢᠯᠡᠰ ᠪᠤᠰᠬᠠᠵᠤ ᠂ ᠰᠠᠨᠠᠭ᠎ᠠ ᠠᠮᠤᠷ ᠪᠠᠯᠠ ᠣᠷᠣᠭᠤᠯᠵᠤ ᠂ ᠠᠯᠠᠱᠠ ᠳᠤ ᠠᠤᠭ᠎ᠠ ᠲᠥᠰᠦᠪ ᠢ ᠳᠡᠯᠭᠡᠨ ᠂ ᠠᠵᠢᠯ ᠦᠢᠯᠡᠰ ᠢᠶᠠᠨ ᠪᠦᠲᠦᠭᠡᠬᠦ ᠪᠣᠯᠣᠨ᠎ᠠ ᠬᠡᠪᠡ ᠃
3.jpg
4.jpg
     ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ ᠹᠦᠵᠢᠶᠠᠨ ᠮᠤᠵᠢ ᠶᠢᠨ ᠡᠯ᠎ᠡ ᠲᠣᠮᠣ ᠵᠠᠭᠤᠨ ᠬᠦᠴᠦᠷᠬᠡᠭ ᠠᠵᠤ ᠠᠬᠤᠶᠢᠯᠠᠯ ᠂ ᠠᠵᠢᠯ ᠲᠥᠷᠥᠯ ᠤᠨ ᠲᠦᠷᠦᠭᠦᠦ ᠠᠵᠤ ᠠᠬᠤᠶᠢᠯᠠᠯ ᠪᠠ ᠬᠤᠳᠠᠯᠳᠤᠭᠠᠴᠢᠳ ᠤᠨ ᠡᠪᠯᠡᠯ ᠢ 40 ᠭᠠᠷᠤᠢ ᠤᠷᠢᠪᠠ ᠃ ᠬᠤᠷᠠᠯ ᠳᠡᠭᠡᠷ᠎ᠡ ᠂ ᠠᠶᠢᠮᠠᠭ ᠤᠨ ᠳᠡᠳ᠋ ᠳᠠᠷᠤᠭ᠎ᠠ ᠪᠦᠦ ᠶᠧ ᠠᠯᠠᠱᠠ ᠠᠶᠢᠮᠠᠭ ᠤᠨ ᠰᠢᠨ᠎ᠡ ᠡᠨᠧᠷᠭᠢ ᠶᠢᠨ ᠠᠵᠤ ᠦᠢᠯᠡᠰ ᠂ ᠲᠣᠨᠤᠭ ᠲᠥᠬᠦᠭᠡᠷᠦᠮᠵᠢ ᠦᠢᠯᠡᠳᠬᠦ ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠂ ᠪᠣᠭᠤᠮᠲᠠ ᠶᠢᠨ ᠪᠠᠷᠠᠭᠠᠨ ᠤ ᠭᠦᠢᠯᠭᠡᠭᠡ ᠂ ᠰᠣᠶᠣᠯ ᠵᠢᠭᠤᠯᠴᠢᠯᠠᠯ ᠂ ᠤᠨᠴᠠᠯᠢᠭᠳᠤ ᠲᠠᠷᠢᠶᠠᠯᠠᠩ ᠮᠠᠯ ᠠᠵᠤ ᠠᠬᠤᠢ ᠪᠠ ᠠᠮᠢ ᠠᠬᠤᠢ ᠡᠯᠡᠰᠦᠨ ᠤ ᠠᠵᠤ ᠦᠢᠯᠡᠰ ᠵᠡᠷᠭᠡ ᠬᠦᠷᠢᠶᠡᠨ ᠤ ᠬᠥᠭᠵᠢᠯᠲᠡ ᠶᠢᠨ ᠰᠠᠭᠤᠷᠢ ᠪᠠ ᠢᠷᠡᠭᠡᠳᠦᠢ ᠶᠢᠨ ᠲᠤᠬᠠᠢ ᠲᠤᠰᠬᠠᠢ ᠰᠡᠳᠦᠪ ᠢᠶᠠᠷ ᠲᠠᠨᠢᠯᠴᠠᠭᠤᠯᠪᠠ ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ  ᠤ ᠬᠠᠮᠢᠶᠠᠷᠤᠯᠲᠠ ᠶᠢᠨ ᠵᠥᠪᠯᠡᠯ ᠪᠣᠯᠤᠨ ᠹᠦᠵᠧᠦ ᠶᠢᠨ ᠵᠢᠶᠠᠩ ᠶᠢᠨ ᠭᠠᠩ ᠴᠧᠩ ᠠᠵᠤ ᠠᠬᠤᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠂ ᠬᠤᠶᠠᠷᠬᠤᠳᠳᠤᠭ ᠤᠨ ᠬᠦᠳᠡᠭᠡ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠪᠣᠯᠤᠨ ᠯᠢᠶᠠᠨᠵᠢᠶᠠᠩ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠲᠣᠰ ᠲᠣᠰ ᠠᠵᠤ ᠦᠢᠯᠡᠰ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ ᠃
5.jpg
     ᠲᠠᠨᠢᠯᠴᠠᠭᠤᠯᠬᠤ ᠬᠤᠷᠠᠯ ᠤᠨ ᠠᠬᠤᠢ ᠲᠠᠯᠠᠪᠠᠢ ᠳᠤ ᠂ ᠪᠠᠰᠠ ᠠᠯᠠᠱᠠ ᠶᠢᠨ ᠲᠡᠮᠡᠭᠡᠨ ᠨᠣᠯᠤᠤᠷ ᠤᠨ ᠰᠢᠷᠢᠰ ᠪᠦᠲᠦᠭᠡᠭᠳᠡᠬᠦᠨ ᠂ ᠲᠡᠮᠡᠭᠡᠨ ᠰᠦ ᠶᠢᠨ ᠪᠦᠲᠦᠭᠡᠭᠳᠡᠬᠦᠨ ᠂ ᠭᠠᠷ ᠤᠷᠠᠯᠠᠯ ᠤᠨ ᠪᠦᠲᠦᠭᠡᠭᠳᠡᠬᠦᠨ ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠵᠡᠷᠭᠡ ︽ᠠᠯᠠᠱᠠ ᠶᠢᠨ ᠪᠡᠯᠡᠭ ︾ ᠢ ᠭᠦᠢᠴᠡᠳ ᠳᠡᠯᠭᠡᠨ ᠦᠵᠡᠭᠦᠯᠵᠦ ᠂ ᠬᠠᠮᠲᠤᠷᠠᠨ ᠠᠵᠢᠯᠯᠠᠬᠤ ᠬᠤᠳᠠᠯᠳᠤᠭᠠᠨ ᠤ ᠲᠣᠬᠢᠶᠠᠯ ᠢ ᠬᠠᠩᠭᠠᠬᠤ ᠶᠢᠨ ᠬᠠᠮᠲᠤ ᠂ ᠠᠯᠠᠱᠠ ᠶᠢᠨ ᠲᠣᠰ ᠭᠠᠵᠠᠷ ᠤᠨ ᠨᠠᠷᠠᠲᠤ ᠦᠢᠯᠡᠳᠬᠦᠨ ᠤ ᠠᠯᠳᠠᠷᠰᠢᠯ ᠢ ᠤᠯᠠᠮ ᠨᠢᠭᠡ ᠠᠯᠬᠤᠮ ᠥᠷᠭᠡᠳᠬᠡᠪᠡ ᠃
6.jpg
7.jpg
     ᠲᠠᠨᠢᠯᠴᠠᠭᠤᠯᠬᠤ ᠬᠤᠷᠠᠯ ᠠᠴᠠ ᠡᠮᠦᠨ᠎ᠡ ᠂ ᠪᠠᠢ ᠬᠠᠢ ᠯᠢᠨ ᠨᠡᠷ ᠪᠠᠰᠠ ᠹᠦᠵᠧᠦ ᠶᠢᠨ ᠵᠢᠶᠠᠩ ᠶᠢᠨ ᠭᠠᠩ ᠴᠧᠩ ᠠᠵᠤ ᠠᠬᠤᠢ ᠶᠢᠨ ᠣᠷᠣᠨ ᠤ ᠸᠠᠨ ᠬᠤᠸᠠ ᠬᠢᠮᠢ ᠶᠢᠨ ᠠᠵᠤ ᠦᠢᠯᠡᠰ ᠤᠨ ᠬᠦᠷᠢᠶᠡᠯᠡᠩ ᠂ ᠵᠦᠩ ᠵᠢᠩ ᠴᠢᠯᠠᠭᠤᠨ ᠲᠤᠰᠤ ᠬᠢᠮᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠢᠶᠠᠷ ᠭᠦᠨᠵᠡᠭᠡᠶᠢᠷᠡᠨ ᠤᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ ᠃
8.jpg
9.jpg
    ᠲᠣᠰ ᠤᠳᠠᠭ᠎ᠠ ᠶᠢᠨ ᠲᠤᠰᠬᠠᠢ ᠲᠠᠨᠢᠯᠴᠠᠭᠤᠯᠭ᠎ᠠ ᠶᠢᠨ ᠠᠵᠢᠯᠯᠠᠭ᠎ᠠ ᠪᠣᠯ ᠠᠯᠠᠱᠠ ᠠᠶᠢᠮᠠᠭ ᠪᠣᠯᠤᠨ ᠹᠦᠵᠧᠦ ᠬᠤᠲᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠵᠦ ᠂ ︽ᠨᠢᠭᠡ ᠪᠦᠰᠡ ᠨᠢᠭᠡ ᠵᠠᠮ ︾ ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠵᠡᠷᠭᠡ ᠴᠢᠬᠤᠯᠠ ᠠᠵᠠ ᠲᠣᠬᠢᠶᠠᠯ ᠢ ᠠᠮᠵᠢᠵᠤ ᠂ ᠬᠦᠴᠦ ᠪᠠᠨ ᠬᠠᠮᠲᠤᠳᠬᠠᠨ ᠬᠤᠶᠠᠷ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠤᠨ᠎ᠠ ᠃ ᠬᠤᠶᠠᠷ ᠭᠠᠵᠠᠷ ᠤᠨ ᠬᠢᠨ ᠠᠵᠤ ᠦᠢᠯᠡᠰ ᠤᠨ ᠲᠠᠨᠢᠯᠴᠠᠭᠤᠯᠭ᠎ᠠ ᠂ ᠲᠣᠭᠤᠷᠢᠭ ᠰᠢᠶᠠᠨ ᠤ ᠬᠠᠮᠲᠤᠷᠠᠯᠴᠠᠭ᠎ᠠ ᠂ ᠠᠵᠢᠯ ᠤᠨ ᠪᠠᠶᠢᠷᠢ ᠪᠠᠨ ᠳᠠᠭᠠᠵᠤ ᠪᠣᠳᠠᠲᠠᠢ ᠪᠣᠯᠪᠠᠰᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠂ ᠨᠥᠬᠦᠷᠰᠡᠭ ᠬᠤᠲᠠ ᠶᠢᠨ ᠬᠠᠷᠢᠯᠴᠠᠭ᠎ᠠ ᠪᠠᠨ ᠤᠯᠠᠮ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠵᠦ ᠂ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠬᠦ ᠂ ᠠᠵᠤ ᠦᠢᠯᠡᠰ ᠢ ᠵᠣᠯᠭᠠᠭᠤᠯᠬᠤ ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠦᠨᠡᠨ ᠪᠣᠳᠠᠲᠠᠢ ᠠᠬᠢᠴᠠ ᠲᠠᠢ ᠪᠣᠯᠬᠤ ᠪᠠᠷ ᠴᠢᠷᠮᠠᠶᠢᠵᠤ ᠂ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠰᠤᠷᠠᠯᠲᠠ ᠥᠬᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠪᠣᠯᠣᠨ᠎ᠠ ᠃     ᠹᠦᠵᠧᠦ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠵᠦᠩ ᠯᠢᠨ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠵᠠᠢ ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号