ᠠᠯᠠᠱᠠ ᠠᠶᠢᠮᠠᠭ ᠤᠨ ᠳᠤᠤᠷ᠎ᠠ ᠠᠭᠠᠷ ᠤᠨ ᠠᠵᠤ ᠠᠬᠤᠢ ᠵᠢᠴᠢ ᠮᠠᠰᠢᠨ ᠳᠡᠷᠭᠡ ᠶᠢ ᠰᠢᠯᠭᠠᠬᠤ ︽ᠴᠡᠩᠭᠡᠷ ᠣᠭᠲᠠᠷᠭᠤᠢ ᠶᠢᠨ ᠴᠡᠭᠡᠯ ᠳᠤ ᠡᠷᠭᠡ ᠴᠢᠯᠦᠬᠡᠳᠡᠢ ᠪᠠᠷ ᠳᠡᠭᠦᠯᠢᠨᠡᠮ︾ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠠᠳᠠᠢ ᠶᠢᠨ ᠵᠢᠷᠠᠨ ᠤ ᠡᠯᠡᠰᠦᠨ ᠳᠤ ᠶᠠᠪᠤᠭᠳᠠᠪᠠ 
ᠨᠡᠶᠢᠲᠡᠯᠡᠭᠰᠡᠨ ᠴᠠᠭ᠄
2024/11/11
    11 ᠰᠠᠷ᠎ᠠ ᠶᠢᠨ 10 ᠤ ᠡᠳᠦᠷ ᠂ ᠠᠯᠠᠱᠠ ᠠᠶᠢᠮᠠᠭ ᠤᠨ ᠳᠤᠤᠷ᠎ᠠ ᠠᠭᠠᠷ ᠤᠨ ᠠᠵᠤ ᠠᠬᠤᠢ ᠵᠢᠴᠢ ᠮᠠᠰᠢᠨ ᠳᠡᠷᠭᠡ ᠶᠢ ᠰᠢᠯᠭᠠᠬᠤ ︽ᠴᠡᠩᠭᠡᠷ ᠣᠭᠲᠠᠷᠭᠤᠢ ᠶᠢᠨ ᠴᠡᠭᠡᠯ ᠳᠤ ᠡᠷᠭᠡ ᠴᠢᠯᠦᠬᠡᠳᠡᠢ ᠪᠠᠷ ᠳᠡᠭᠦᠯᠢᠨᠡᠮ︾ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠤ ᠡᠯᠡᠰᠦᠨ ᠳᠤ ᠶᠠᠪᠤᠭᠳᠠᠪᠠ ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠳᠤ ᠣᠷᠣᠯᠴᠠᠵᠤ ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ ᠂ ᠠᠶᠢᠮᠠᠭ ᠤᠨ ᠳᠡᠳ᠋ ᠳᠠᠷᠤᠭ᠎ᠠ ᠮᠥᠩᠬᠡ ᠬᠤᠷᠠᠯ ᠢ ᠡᠷᠭᠢᠯᠡᠪᠡ ᠃
1.jpg
2.jpg
     ᠲᠣᠰ ᠤᠳᠠᠭᠠᠨ ᠤ ᠠᠵᠢᠯᠯᠠᠭ᠎ᠠ ᠶᠢ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠭᠢᠯᠡᠵᠦ ᠂ ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠬᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠠᠯᠠᠱᠠ ᠠᠶᠢᠮᠠᠭ ᠤᠨ ᠸᠧᠢ ᠯᠠᠢ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠭᠢᠯᠡᠵᠦ ᠂ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠂ ᠳᠠᠪᠠᠭᠤᠯᠢᠭ ᠡᠬᠢ ᠪᠠᠶᠠᠯᠢᠭ ᠢ ᠭᠦᠢᠴᠡᠳ ᠠᠰᠢᠭᠯᠠᠨ ᠂ ᠠᠯᠠᠱᠠ ᠠᠶᠢᠮᠠᠭ ᠤᠨ ᠳᠤᠤᠷ᠎ᠠ ᠠᠭᠠᠷ ᠤᠨ ᠠᠵᠤ ᠠᠬᠤᠢ ᠶᠢ ᠬᠦᠭᠵᠢᠬᠦᠯᠬᠦ ᠪᠠ ᠭᠡᠭᠡᠷᠡᠯᠡᠭᠴᠢ ᠮᠠᠰᠢᠨ ᠳᠡᠷᠭᠡ ᠶᠢ ᠰᠢᠯᠭᠠᠬᠤ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ ᠂ ᠢᠷᠡᠭᠡᠳᠦᠢ ᠳᠤ ᠠᠯᠠᠱᠠ ᠠᠶᠢᠮᠠᠭ ᠤᠨ ᠳᠤᠤᠷ᠎ᠠ ᠠᠭᠠᠷ ᠤᠨ ᠠᠵᠤ ᠠᠬᠤᠢ ᠶᠢ ᠤᠯᠠᠮ ᠨᠢᠭᠡ ᠠᠯᠬᠤᠮ ᠬᠥᠭᠵᠢᠭᠦᠯᠬᠦ ᠵᠢᠴᠢ ᠭᠡᠭᠡᠷᠡᠯᠡᠭᠴᠢ ᠮᠠᠰᠢᠨ ᠳᠡᠷᠭᠡ ᠶᠢ ᠰᠢᠯᠭᠠᠬᠤ ᠰᠠᠭᠤᠷᠢᠨ ᠭᠠᠵᠠᠷ ᠢ ᠪᠠᠶᠢᠭᠤᠯᠬᠤ ᠳᠤ ᠰᠠᠭᠤᠷᠢ ᠲᠠᠯᠪᠢᠵᠤ ᠥᠭᠬᠦ ᠪᠣᠯᠤᠨ᠎ᠠ ᠃      ᠠᠵᠢᠯᠯᠠᠭ᠎ᠠ ᠶᠢᠨ ᠬᠤᠭᠤᠴᠠᠭᠠᠨ ᠳᠤ ᠂ ᠬᠡᠭᠡᠷᠡᠯᠡᠭᠴᠢ ᠮᠠᠰᠢᠨ ᠲᠡᠷᠭᠡᠨ ᠤ ᠠᠩᠭᠢ ᠵᠠᠮ ᠱᠤᠭᠤᠮ ᠤᠨ ᠲᠣᠬᠢᠷᠠᠭᠤᠯᠤᠯᠲᠠ ᠶᠢ ᠦᠨᠳᠦᠰᠦᠯᠡᠨ ᠡᠯᠡᠰᠦᠨ ᠴᠥᠯ ᠢ ᠳᠤᠭᠤᠯᠵᠤ ᠂ ᠮᠠᠰᠢᠨ ᠲᠡᠷᠭᠡᠨ ᠤ ᠴᠢᠳᠠᠪᠬᠢ ᠵᠢᠴᠢ ᠵᠢᠯᠣᠭᠤᠴᠢ ᠶᠢᠨ ᠤᠷ᠎ᠠ ᠮᠡᠷᠭᠡᠵᠢᠯ ᠢ ᠰᠢᠯᠭᠠᠬᠤ ᠪᠣᠯᠣᠨ᠎ᠠ ᠃ ᠡᠭᠦᠨ ᠤ ᠬᠠᠮᠲᠤ ᠂ ᠬᠡᠭᠡᠷᠡᠯᠡᠭᠴᠢ ᠮᠠᠰᠢᠨ ᠲᠡᠷᠭᠡ ᠪᠣᠯᠤᠨ ᠵᠢᠯᠣᠭᠤᠴᠢ ᠥᠬᠡᠢ ᠨᠢᠰᠬᠡᠯ ᠂ ᠡᠭᠴᠡ ᠨᠢᠰᠬᠡᠯ ᠬᠠᠷᠢᠯᠴᠠᠨ ᠬᠠᠮᠵᠢᠯᠴᠠᠵᠤ ᠂ ᠬᠥᠮᠦᠰ ᠢ ᠠᠪᠤᠷᠠᠨ ᠲᠤᠰᠠᠯᠠᠬᠤ ᠂ ᠠᠯᠳᠠᠭᠳᠠᠭᠰᠠᠨ ᠲᠡᠮᠡᠭᠡ ᠶᠢ ᠡᠷᠢᠬᠦ ᠂ ᠰᠢᠨ᠎ᠡ ᠢᠩᠭᠡᠨ ᠰᠦ ᠶᠢ ᠬᠦᠷᠭᠡᠬᠦ ᠂ ᠲᠡᠷᠭᠡ ᠬᠥᠰᠬᠡ ᠶᠢ ᠰᠡᠯᠪᠢᠨ ᠵᠠᠰᠠᠬᠤ ᠰᠡᠯᠪᠢᠭ ᠲᠣᠨᠤᠭ ᠵᠢᠴᠢ ᠠᠪᠤᠷᠠᠨ ᠲᠤᠰᠠᠯᠠᠬᠤ ᠡᠳ᠋ ᠪᠠᠷᠠᠭ᠎ᠠ ᠶᠢ ᠵᠥᠭᠡᠭᠡᠪᠦᠷᠢᠯᠡᠬᠦ ᠵᠡᠷᠭᠡ ᠣᠯᠠᠨ ᠰᠣᠷᠢᠯᠲᠠ ᠶᠢ ᠬᠢᠬᠦ ᠪᠣᠯᠤᠨ᠎ᠠ ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号