ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ︽ᠠᠷᠠᠳ ᠲᠤ ᠲᠦᠭᠦᠮ ᠦᠵᠡᠬᠦᠯᠦᠨ ᠠᠵᠤ ᠠᠬᠤᠶᠢᠯᠠᠯ ᠳᠤ ᠠᠰᠢᠭ ᠬᠦᠷᠳᠡᠬᠡᠬᠦ︾ ᠪᠠᠷ ᠭᠠᠷᠳᠠᠴᠠ | ᠪᠤᠯᠭᠠᠨ᠂ ︽ᠪᠢᠴᠢᠬᠠᠨ ᠪᠤᠳᠤᠭᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ | ᠠᠵᠤ ᠠᠬᠤᠶᠢᠯᠠᠯ ᠪᠠ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠨ᠂ ᠤᠯᠠᠨ ᠳᠦᠮᠡᠨ ᠳᠤ ︽ᠬᠠᠨᠤᠮᠵᠢᠲᠠᠢ | ᠬᠠᠷᠢᠭᠤᠯᠲᠠ ᠶᠢᠨ ᠬᠠᠭᠤᠳᠠᠰᠤ︾ ᠶᠢ ᠰᠠᠶᠢᠲᠤᠷ ᠪᠢᠴᠢᠭᠯᠡᠵᠦ ᠪᠠᠶᠢᠨ᠎ᠠ᠃ | ︽ᠦᠵᠡᠭᠴᠢ ᠨᠠᠶᠢᠵᠠ ᠨᠠᠷ ᠰᠠᠶᠢᠨ ᠪᠠᠶᠢᠵᠠᠭᠠᠨ᠎ᠠ ᠦᠦ᠂ ᠣᠳᠣ ᠬᠦᠷᠴᠦ ᠢᠷᠡᠭᠰᠡᠨ ᠨᠢ ︿ᠪᠢᠴᠢᠬᠠᠨ ᠪᠤᠳᠤᠭᠤ | ᠵᠠᠰᠠᠭ ᠤᠨ ᠶᠠᠪᠤᠳᠠᠯ﹀ ᠤᠨ ᠰᠢᠭᠤᠳ ᠨᠡᠪᠲᠡᠷᠡᠭᠦᠯᠭᠡ ᠪᠣᠯᠣᠨ᠎ᠠ᠂ ᠪᠢᠳᠡᠨ ᠤ ᠬᠢᠵᠦ ᠪᠠᠶᠢᠭ᠎ᠠ ᠪᠣᠯ ᠨᠢᠭᠡᠳᠦᠭᠡᠷ | ᠭᠤᠭᠴᠤᠭ᠎ᠠ᠂ ᠡᠭᠦᠨ ᠳᠤ ᠲᠠ ᠨᠠᠷ ᠢ ᠵᠠᠰᠠᠭ ᠤᠨ ᠶᠠᠪᠤᠳᠠᠯ ᠤᠨ ᠶᠡᠭᠡ ᠲᠢᠩᠬᠢᠮ ᠢᠶᠠᠷ ᠳᠤᠭᠤᠷᠢᠭᠤᠯᠤᠶᠠ ᠁︾ | ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠡᠷᠡᠭ ᠡᠷᠬᠢᠯᠡᠬᠦ ᠶᠡᠭᠡ ᠲᠢᠩᠬᠢᠮ ᠳᠤ᠂ | ᠠᠵᠢᠯᠲᠠᠳ ᠰᠢᠭᠤᠳ ᠨᠡᠪᠳᠡᠷᠡᠬᠦᠯᠬᠡ ᠶᠢᠨ ᠬᠡᠷᠡᠭ ᠡᠷᠬᠢᠯᠡᠬᠦ ᠠᠷᠭ᠎ᠠ ᠬᠡᠯᠪᠡᠷᠢ ᠪᠠᠷ ᠤᠯᠠᠨ ᠳᠦᠮᠡᠨ ᠳᠤ ᠡᠯ᠎ᠠ | ᠴᠣᠩᠬᠤᠨ ᠤ ᠴᠢᠳᠠᠮᠵᠢ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠠᠪᠤᠴᠠ᠂ ᠠᠯᠠᠭᠠᠨ ᠳᠡᠭᠡᠷᠡᠬᠢ ᠬᠡᠷᠡᠭ ᠡᠷᠬᠢᠯᠡᠬᠦ | ᠵᠦᠭᠯᠡᠭᠦᠷ ᠵᠡᠷᠭᠡ ᠶᠢ ᠪᠡᠶᠡᠴᠢᠯᠡᠨ ᠤᠶᠢᠯᠠᠭᠠᠭᠤᠯᠵᠦ᠂ ᠨᠡᠪᠲᠡᠷᠡᠯᠴᠡᠬᠦ ᠠᠷᠭ᠎ᠠ ᠵᠠᠮ ᠢᠶᠠᠨ ᠦᠷᠬᠡᠳᠭᠡᠭᠰᠡᠨ ᠪᠠᠶᠢᠨ᠎ᠠ᠃ | ᠡᠷᠬᠡᠬᠠᠰᠢᠬ᠎ᠠ ᠰᠤᠮᠤ ᠶᠢᠨ ᠳᠤᠤᠯᠠᠨᠳᠠᠢ ᠭᠠᠴᠠᠭ᠎ᠠ ᠶᠢᠨ ᠨᠠᠮ ᠤᠨ ᠡᠭᠦᠷ ᠤᠨ ᠱᠦᠵᠢ ᠸᠠᠩ ᠯᠢ ᠹᠸᠡᠭ ᠪᠣᠯ ︽ | ᠪᠢᠴᠢᠬᠠᠨ ᠪᠤᠳᠤᠭᠤ ᠵᠠᠰᠠᠭ ᠤᠨ ᠶᠠᠪᠤᠳᠠᠯ︾ ᠤᠨ ᠰᠢᠭᠤᠳ ᠨᠡᠪᠲᠡᠷᠡᠭᠦᠯᠭᠡ ᠶᠢᠨ ᠪᠠᠭ᠋ᠠᠷᠬᠠᠭᠴᠢ ᠶᠤᠮ᠃ ᠲᠦᠷᠦᠭᠦᠬᠡᠨ | ᠂ ᠲᠡᠷᠡ ᠰᠢᠭᠤᠳ ᠨᠡᠪᠲᠡᠷᠡᠭᠦᠯᠭᠡ ᠶᠢᠨ ᠲᠠᠪᠴᠠᠩ ᠢᠶᠠᠷ ᠳᠠᠮᠵᠢᠭᠤᠯᠤᠨ ᠦᠭᠡ ᠦᠯᠡᠳᠡᠭᠡᠵᠦ᠂ ᠤᠳᠠᠯ ᠦᠭᠡᠢ | ᠭᠠᠷᠭᠠᠯᠳᠠ ᠬᠢᠬᠦ ᠬᠡᠵᠦ ᠪᠠᠶᠢᠭ᠎ᠠ ᠨᠤᠳᠤᠭ ᠤᠨ ᠰᠢᠷ᠎ᠠ ᠦᠬᠡᠷ ᠲᠡᠭᠡᠨ ᠪᠤᠷᠤᠯᠠᠭᠤᠯᠭ᠎ᠠ ᠶᠢᠨ ᠵᠠᠮ ᠡᠷᠢᠵᠦ ᠥᠭᠬᠦ ᠶᠢ | ᠬᠦᠰᠡᠵᠡᠢ᠃ ᠠᠵᠢᠯᠲᠠᠳ ᠲᠡᠷᠡ ᠳᠠᠷᠤᠢ ᠳᠤᠨᠢ ᠲᠡᠭᠦᠨ ᠳᠤ ᠰᠦᠯᠵᠢᠶᠡᠨ ᠳᠡᠭᠡᠷᠡᠬᠢ ᠬᠠᠪᠰᠤᠷᠤᠨ ᠭᠦᠢᠴᠡᠳᠭᠡᠬᠦ | ᠦᠢᠯᠡᠴᠢᠯᠡᠭᠡ ᠶᠢ ᠬᠠᠩᠭᠠᠬᠤ ᠶᠢᠨ ᠬᠠᠮᠲᠤ ᠬᠠᠪᠰᠤᠷᠤᠨ ᠭᠦᠢᠴᠡᠳᠭᠡᠭᠴᠢ ᠶᠢ ᠲᠣᠮᠢᠯᠠᠨ ᠭᠠᠴᠠᠭᠠᠨ ᠤ ᠨᠤᠳᠤᠭ ᠤᠨ | ᠰᠢᠷ᠎ᠠ ᠦᠬᠡᠷ ᠢ ᠪᠣᠷᠣᠯᠠᠭᠤᠯᠬᠤ ᠠᠵᠢᠯ ᠢ ᠤᠷᠤᠭᠰᠢᠲᠠᠢ ᠪᠡᠶᠡᠯᠡᠭᠦᠯᠬᠦ ᠳᠤ ᠬᠠᠮᠵᠢᠯᠴᠠᠭᠤᠯᠪᠠ᠃ ᠸᠠᠩ ᠯᠢ ᠹᠸᠡᠭ᠄ ︽ | ᠡᠨᠡ ᠬᠦ ᠲᠠᠪᠴᠠᠩ ᠤᠨ ᠬᠢᠨ ᠨᠠᠳᠠ ᠲᠠᠢ ᠮᠠᠰᠢ ᠲᠦᠷᠭᠡᠨ ᠢᠶᠠᠷ ᠬᠠᠷᠢᠯᠴᠠᠵᠤ᠂ ᠮᠠᠯᠴᠢᠳ ᠢ ᠬᠠᠪᠰᠤᠷᠤᠨ ᠮᠠᠰᠢ | ᠤᠯᠠᠨ ᠦᠬᠡᠷ ᠬᠤᠨᠢᠨ ᠮᠢᠬ᠎ᠠ ᠶᠢ ᠪᠦᠷ ᠪᠣᠷᠣᠯᠠᠭᠤᠯᠵᠤ ᠥᠭᠴᠡᠢ᠂ ᠪᠢᠳᠠ ᠳᠡᠳᠡᠨ ᠳᠤ ᠳᠠᠯᠠᠷᠬᠠᠵᠦ ᠪᠠᠶᠢᠨ᠎ᠠ︾ | ᠭᠡᠵᠦ ᠪᠠᠶᠠᠷᠯᠠᠨ ᠶᠠᠷᠢᠵᠦ ᠪᠠᠶᠢᠯ᠎ᠠ᠃ | 2023 ᠣᠨ ᠤ 1 ᠰᠠᠷ᠎ᠠ ᠳᠤ᠂ ︽ᠪᠢᠴᠢᠬᠠᠨ ᠪᠤᠳᠤᠭᠤ ᠵᠠᠰᠠᠭ ᠤᠨ ᠶᠠᠪᠤᠳᠠᠯ︾ ᠤᠨ ᠰᠢᠭᠤᠳ | ᠨᠡᠪᠲᠡᠷᠡᠭᠦᠯᠭᠡ ᠳᠤ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ + ᠡᠭᠦᠯᠡᠨ ᠦᠵᠦᠭᠦᠷ ᠤᠨ ᠰᠢᠭᠤᠳ | ᠨᠡᠪᠲᠡᠷᠡᠭᠦᠯᠭᠡ︾ ᠶᠢ ᠡᠬᠢᠯᠡᠭᠦᠯᠵᠡᠢ᠃ ᠨᠡᠪᠲᠡᠷᠡᠭᠦᠯᠭᠡ ᠡᠬᠢᠯᠡᠭᠦᠯᠦᠭᠰᠡᠨ ᠠᠴᠠ ᠨᠠᠭᠠᠰᠢ᠂ ᠡᠮ ᠡᠮᠨᠡᠯᠭᠡ ᠶᠢᠨ | ᠳᠠᠭᠠᠳᠬᠠᠯ᠂ ᠨᠡᠶᠢᠭᠡᠮ ᠤᠨ ᠳᠠᠭᠠᠳᠬᠠᠯ᠂ ᠭᠠᠯ ᠤᠨ ᠠᠶᠤᠯ ᠢ ᠰᠡᠷᠬᠡᠶᠢᠯᠡᠬᠦ᠂ ᠭᠠᠶᠢᠯᠢ ᠶᠢᠨ ᠶᠠᠪᠤᠳᠠᠯ᠂ ᠰᠣᠶᠣᠯ | ᠵᠢᠭᠤᠯᠴᠢᠯᠠᠯ ᠵᠡᠷᠭᠡ ᠶᠢᠨ ᠲᠤᠰᠬᠠᠢ ᠰᠢᠭᠤᠳ ᠨᠡᠪᠲᠡᠷᠡᠭᠦᠯᠭᠡ ᠶᠢ 84 ᠤᠳᠠᠭ᠎ᠠ ᠨᠡᠪᠳᠡᠷᠡᠬᠦᠯᠵᠡᠢ᠃ ᠡᠬᠦᠨ ᠳᠤ | ᠨᠡᠶᠢᠲᠡ 9 ᠲᠦᠮᠡ ᠭᠠᠷᠤᠢ ᠬᠥᠮᠥᠨ ᠤᠳᠠᠭ᠎ᠠ ᠦᠵᠡᠵᠦ᠂ 59 ᠲᠦᠮᠡ ᠭᠠᠷᠤᠢ ᠬᠥᠮᠥᠨ ᠤᠳᠠᠭ᠎ᠠ ᠰᠠᠶᠢᠰᠢᠶᠠᠨ᠂ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ 1600 ᠭᠠᠷᠤᠢ ᠤᠳᠠᠭ᠎ᠠ ᠰᠢᠢᠳᠪᠦᠷᠢᠯᠡᠭᠰᠡᠨ ᠪᠠᠶᠢᠨ᠎ᠠ᠃ ᠥᠪᠥᠷ | ᠮᠣᠩᠭᠤᠯ ᠤᠨ ᠲᠧᠯᠸᠢᠰ ᠬᠤᠷᠢᠶ᠎ᠠ ᠶᠢᠨ ᠰᠣᠨᠢᠨ ᠮᠡᠳᠡᠭᠡᠨ ᠤ ᠶᠡᠷᠦᠩᠬᠡᠶᠢᠯᠡᠭᠰᠡᠨ ᠰᠤᠪᠠᠭ ᠤᠨ ᠬᠢᠨ ᠦᠳᠡ ᠶᠢᠨ | ᠰᠣᠨᠢᠨ ᠮᠡᠳᠡᠭᠡ ᠳᠡᠭᠡᠨ ᠲᠤᠰᠬᠠᠢ ᠰᠡᠳᠦᠪ ᠢᠶᠠᠷ ᠮᠡᠳᠡᠬᠡᠯᠡᠵᠦ ᠦᠩᠭᠡᠷᠡᠭᠰᠡᠨ ᠪᠦᠬᠡᠳ ᠠᠯᠠᠱᠠ ᠠᠶᠢᠮᠠᠭ ᠤᠨ | ᠰᠦᠯᠵᠢᠶᠡᠨ ᠤ ᠨᠡᠶᠢᠲᠡ ᠶᠢᠨ ᠠᠰᠠᠷᠠᠮᠵᠢ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠵᠠᠢ᠃ | ᠡᠨᠡ ᠵᠢᠯ ᠤᠨ 9 ᠰᠠᠷ᠎ᠠ ᠳᠤ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ | ᠪᠤᠯᠭᠠᠨ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠣᠭᠤᠷᠢᠭ ᠢ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ | ᠤᠷᠢᠳᠴᠢᠯᠠᠭᠰᠠᠨ ᠦᠢᠯᠡᠴᠢᠯᠡᠭᠡ ᠬᠠᠩᠭᠠᠪᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ | ᠠᠭᠤᠰᠤᠯᠴᠠᠭᠤᠯᠤᠨ ᠬᠥᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠬᠦᠯᠪᠡ᠃ ︽ᠪᠢᠴᠢᠬᠠᠨ ᠪᠤᠳᠤᠭᠤ ᠬᠠᠪᠰᠤᠷᠤᠨ ᠭᠦᠢᠴᠡᠳᠭᠡᠬᠦ︾ ᠲᠤᠰᠬᠠᠢ ᠴᠣᠩᠬᠤ | ᠭᠠᠷᠭᠠᠵᠤ᠂ ︽ᠦᠢᠯᠡᠴᠢᠯᠡᠭᠡᠨ ᠤ ᠬᠠᠮᠢᠶᠠᠷᠤᠭᠴᠢ︾ ᠲᠣᠬᠢᠷᠠᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ | ᠠᠵᠢᠯ ᠶᠠᠪᠤᠳᠠᠯ ᠭᠦᠢᠴᠡᠳᠭᠡᠬᠦ ᠳᠤ ᠲᠠᠨᠢᠯᠴᠠᠭᠤᠯᠬᠤ᠂ ᠯᠠᠪᠯᠠᠯᠭ᠎ᠠ ᠬᠠᠩᠭᠠᠬᠤ᠂ ᠵᠣᠬᠢᠴᠠᠭᠤᠯᠬᠤ᠂ ᠬᠥᠲᠥᠯᠥᠨ | ᠵᠢᠯᠤᠭᠤᠳᠬᠤ᠂ ᠲᠠᠶᠢᠯᠤᠮᠵᠢ ᠬᠢᠬᠦ᠂ ᠭᠤᠶᠤᠴᠢᠯᠠᠨ ᠮᠡᠳᠡᠭᠦᠯᠬᠦ ᠪᠠ ᠬᠠᠪᠰᠤᠷᠤᠨ ᠭᠦᠢᠴᠡᠳᠭᠡᠬᠦ ᠣᠷᠣᠯᠠᠨ | ᠭᠦᠢᠴᠡᠳᠭᠡᠬᠦ ᠵᠡᠷᠭᠡ ᠦᠢᠯᠡᠴᠢᠯᠡᠭᠡ ᠬᠠᠩᠭᠠᠵᠡᠢ᠃ ᠠᠷᠠᠯᠵᠢᠶᠠᠴᠢᠨ ᠤᠷᠢᠵᠤ ᠪᠡᠯᠡ ᠳᠠᠳᠠᠨ ᠣᠷᠣᠭᠤᠯᠬᠤ ᠴᠢᠬᠤᠯᠠ | ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠪᠤᠳᠤᠯᠢᠶᠠᠨᠲᠠᠢ ᠵᠦᠢᠯᠡᠰ᠂ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ | ᠬᠦᠷᠢᠶᠡᠨ ᠳᠤ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠶᠢ ᠬᠠᠩᠭᠠᠭᠰᠠᠨ ᠪᠠᠶᠢᠨ᠎ᠠ᠃ | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠯᠠᠩ ᠳ᠋ᠦᠡᠭ ᠭᠡᠷ ᠤᠨ ᠰᠢᠷᠠᠮᠠᠯ ᠤᠨ ᠦᠢᠯᠡᠳᠭᠡᠯ ᠤᠨ | ᠭᠠᠵᠠᠷ ᠤᠨ ᠬᠠᠷᠢᠭᠤᠴᠠᠯᠭᠠᠲᠠᠨ ᠵᠢᠶᠠᠩ ᠶᠦᠩ᠄ ︽ᠰᠢᠨ᠎ᠡ ᠪᠠᠷ ᠨᠡᠮᠡᠭᠰᠡᠨ B ᠲᠣᠭᠤᠷᠢᠭ ᠨᠢ ᠮᠠᠨ ᠤ ᠠᠵᠤ | ᠠᠬᠤᠶᠢᠯᠠᠯ ᠳᠤ ᠲᠤᠰᠬᠠᠶᠢᠯᠠᠨ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠵᠤ ᠪᠠᠶᠢᠨ᠎ᠠ᠂ ᠪᠢᠳᠡ | ᠡ᠊ᠡᠳᠡ ᠢᠷᠡᠪᠡᠯ᠂ ᠪᠤᠰᠤᠳ ᠴᠣᠩᠬᠤ ᠪᠠᠷ ᠣᠴᠢᠬᠤ ᠬᠡᠷᠡᠭ ᠦᠭᠡᠢ᠂ ᠨᠢᠭᠡ ᠴᠣᠩᠬᠤᠨ ᠳᠤ ᠪᠤᠶ ᠪᠦᠬᠦᠢ | ᠲᠤᠬᠠᠶᠢᠯᠠᠭᠰᠠᠨ ᠠᠵᠢᠯ ᠢᠶᠠᠨ ᠭᠦᠢᠴᠡᠳᠭᠡᠵᠦ ᠴᠢᠳᠠᠨ᠎ᠠ᠂ ᠦᠢᠯᠡᠴᠢᠯᠡᠭᠡ ᠪᠦᠷᠢᠨ ᠭᠦᠢᠴᠡᠳ᠂ ᠠᠵᠢᠯ ᠤᠨ ᠦᠷ᠎ᠡ | ᠪᠦᠲᠦᠮᠵᠢ ᠮᠠᠰᠢ ᠥᠨᠳᠥᠷ ᠪᠠᠶᠢᠨ᠎ᠠ︾ ᠭᠡᠵᠦ ᠮᠠᠭᠳᠠᠨ᠎ᠠ᠃ | ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢ ᠵᠡᠷᠭᠡ ᠪᠠᠷ | ᠶᠠᠪᠤᠭᠤᠯᠬᠤ ᠦᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ | ᠰᠠᠨᠠᠭᠠᠴᠢᠯᠠᠭ᠎ᠠ ᠠᠴᠠ ᠪᠠᠨ ᠳᠠᠭᠠᠵᠤ︾ ᠪᠠᠶᠢᠭᠰᠠᠨ ᠠᠴᠠ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠳᠠᠶᠢᠰᠢ | ᠬᠤᠪᠢᠷᠠᠭᠤᠯᠵᠤ᠂ ᠦᠢᠯᠡᠴᠢᠯᠡᠭᠡᠨ ᠤ ᠵᠠᠢ ᠶᠢ ᠪᠦᠲᠦᠮᠵᠢᠲᠡᠶ ᠪᠠᠭᠠᠰᠬᠠᠨ᠂ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠨᠠᠷᠠᠰᠤ᠄ ︽︿ᠪᠢᠴᠢᠬᠠᠨ ᠪᠤᠳᠤᠭᠤ﹀ ᠵᠠᠰᠠᠭ ᠤᠨ | ᠶᠠᠪᠤᠳᠠᠯ ᠤᠨ ᠰᠢᠭᠤᠳ ᠨᠡᠪᠳᠡᠷᠡᠬᠦᠯᠬᠡ᠂ ︿ᠪᠢᠴᠢᠬᠠᠨ ᠪᠤᠳᠤᠭᠤ﹀ ᠬᠠᠪᠰᠤᠷᠤᠨ ᠭᠦᠢᠴᠡᠳᠭᠡᠬᠦ ᠲᠠᠰᠤᠭ᠂ ︿ | ᠪᠢᠴᠢᠬᠠᠨ ᠪᠤᠳᠤᠭᠤ﹀ ᠳᠠᠩᠰᠠᠯᠠᠯᠲᠠ᠂ ︿ᠪᠢᠴᠢᠬᠠᠨ ᠪᠤᠳᠤᠭᠤ﹀ ᠬᠠᠯᠠᠮᠰᠢᠯ ᠤᠲᠠᠰᠤ ᠵᠡᠷᠭᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠦᠨᠵᠡᠭᠡᠢ ᠠᠭᠤᠰᠤᠯᠴᠠᠯ ᠢ ᠴᠢᠩᠭᠠᠳᠬᠠᠨ᠂ ᠨᠠᠩ ᠣᠯᠠᠨ ︿ | ᠪᠢᠴᠢᠬᠠᠨ ᠪᠤᠳᠤᠭᠤ﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠡᠮᠳᠡᠭ ᠢ ᠪᠣᠶ ᠪᠣᠯᠭᠠᠵᠤ᠂ ᠠᠵᠤ | ᠠᠬᠤᠶᠢᠯᠠᠯ ᠪᠠ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ | ᠰᠢᠨ᠎ᠡ ᠳᠦᠷᠢ ᠲᠥᠷᠬᠦ﹀ ᠶᠢ ᠢᠯᠡᠷᠡᠭᠦᠯᠦᠨ᠎ᠡ︾ ᠭᠡᠵᠦ ᠪᠠᠶᠢᠯ᠎ᠠ᠃ |