ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠶ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠶ ᠰᠠᠨᠠᠯ ᠤᠳ︾᠎ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/11/13
    ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠦᠷᠦᠭᠦᠬᠡᠨ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠶ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠶ ᠰᠠᠨᠠᠯ ᠤᠳ︾ ︵ᠳᠣᠷᠣᠭᠰᠢ ︽ᠰᠠᠨᠠᠯ︾ ᠭᠡᠵᠦ ᠳᠦᠬᠦᠮᠴᠢᠯᠡᠨ᠎ᠡ︶᠎ ᠢ ᠳᠠᠷᠤᠮᠠᠯᠯᠠᠨ ᠲᠠᠷᠬᠠᠭᠠᠵᠤ ᠂ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢᠶᠠᠷ ᠤᠳᠤᠷᠢᠳᠤᠮᠵᠢ ᠪᠣᠯᠭᠠᠨ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠲᠣᠨᠤᠭ ᠲᠥᠬᠦᠭᠡᠷᠦᠮᠵᠢ᠂ ᠮᠥᠰᠥ ᠴᠠᠰᠤᠨ ᠤ ᠵᠢᠭᠤᠯᠴᠢᠯᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠵᠤ᠂ ᠮᠥᠰᠥ ᠴᠠᠰᠤᠨ ᠤ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠬᠤ ᠶᠢ ᠠᠬᠢᠭᠤᠯᠬᠤ ᠪᠠᠷ ᠵᠤᠷᠢᠯᠲᠠ ᠪᠤᠯᠭᠠᠪᠠ᠃    ︽ᠰᠠᠨᠠᠯ︾᠎ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠥᠰᠥ ᠴᠠᠰᠤᠨ ᠳᠤ ᠬᠤᠴᠢᠭᠳᠠᠭᠰᠠᠨ ᠭᠠᠵᠠᠷ ᠨᠢ ᠴᠦ ᠠᠯᠳᠠᠨ ᠠᠭᠤᠯᠠ ᠮᠦᠩᠭᠦᠨ ᠬᠠᠶᠢᠷᠬᠠᠨ ᠪᠣᠯᠬᠤ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠣᠲᠣ ᠦᠶ᠎ᠡ ᠶᠢᠨ ᠮᠥᠰᠥ ᠴᠠᠰᠤᠨ ᠤ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠪᠠᠷ ᠪᠤᠯᠪᠠ᠃ 2027 ᠣᠨ ᠪᠣᠯᠬᠤ ᠳᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠠᠯᠠᠪᠤᠷ ᠭᠠᠵᠠᠷ ᠤᠨ ᠲᠥᠬᠦᠭᠡᠷᠦᠮᠵᠢ ᠶᠢ ᠨᠡᠩ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠨᠡᠩ ᠥᠷᠭᠡᠨ ᠢᠶᠠᠷ ᠥᠷᠨᠢᠭᠦᠯᠵᠦ᠂ ᠮᠠᠨ ᠤ ᠤᠯᠤᠰ ᠤᠨ ᠮᠥᠰᠥ ᠴᠠᠰᠤᠨ ᠤ ᠤᠷᠤᠯᠳᠤᠭᠠᠨ ᠤ ᠤᠯᠠᠨ ᠤᠯᠤᠰ ᠲᠠᠬᠢ ᠦᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠮᠥᠰᠥ ᠴᠠᠰᠤᠨ ᠤ ᠠᠵᠤ ᠠᠬᠤᠢ ᠶᠢᠨ ᠶᠡᠷᠦᠩᠬᠡᠢ ᠬᠡᠪᠴᠢᠶ᠎ᠡ ᠶᠢ 1.2 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ᠃ 2030 ᠣᠨ ᠪᠣᠯᠬᠤ ᠳᠤ᠂ ᠮᠥᠰᠥ ᠴᠠᠰᠤᠨ ᠤ ᠠᠵᠤ ᠠᠬᠤᠶ ᠶᠢᠨ ᠭᠤᠤᠯ ᠪᠣᠯᠬᠤ ᠠᠵᠤ ᠦᠢᠯᠡᠰ ᠤᠨ ᠬᠡᠯᠬᠢᠶ᠎ᠡ ᠶᠢ ᠥᠨᠳᠥᠷ ᠲᠦᠪᠰᠢᠨ ᠢᠶᠠᠷ ᠵᠣᠬᠢᠴᠠᠩᠭᠤᠶ ᠪᠠᠷ ᠠᠭᠤᠰᠤᠯᠴᠠᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠠᠵᠢᠯ ᠣᠯᠭᠤᠯᠲᠠ ᠶᠢ ᠥᠷᠭᠡᠳᠭᠡᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠢ ᠦᠢᠯᠡᠳᠦᠯ ᠢ ᠨᠠᠩ ᠲᠣᠪᠤᠶᠢᠮ᠎ᠠ ᠪᠣᠯᠭᠠᠵᠤ᠂ ᠮᠥᠰᠥ ᠴᠠᠰᠤᠨ ᠤ ᠬᠡᠷᠡᠭᠯᠡᠭᠡ ᠶᠢ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠴᠢᠬᠤᠯᠠ ᠨᠡᠮᠡᠭᠳᠡᠯ ᠤᠨ ᠴᠡᠭ ᠪᠣᠯᠭᠠᠵᠣ᠂ ᠨᠢᠭᠡ ᠪᠦᠯᠦᠭ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠪᠠ ᠮᠥᠰᠥ ᠴᠠᠰᠤᠨ ᠤ ᠵᠢᠭᠤᠯᠴᠢᠯᠠᠯ ᠤᠨ ᠴᠢᠨᠠᠷ ᠰᠠᠶᠢᠲᠠᠶ ᠵᠣᠷᠢᠭᠰᠠᠨ ᠭᠠᠵᠠᠷ᠂ ︽ᠮᠥᠰᠥ ᠴᠠᠰᠤᠨ ᠤ ᠲᠣᠷᠭᠠᠨ ᠵᠠᠮ︾᠎ ᠢ ᠪᠠᠶᠢᠭᠤᠯᠵᠤ᠂ ᠳᠤᠮᠳᠠᠳᠤ ᠤᠯᠤᠰ — ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠵᠢᠱᠢᠶ᠎ᠡ ᠦᠵᠡᠭᠦᠯᠬᠦ ᠣᠷᠣᠨ ᠤ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠵᠤ᠂ ᠮᠥᠰᠥ ᠴᠠᠰᠤᠨ ᠤ ᠠᠵᠤ ᠠᠬᠤᠶ ᠶᠢᠨ ᠶᠡᠷᠦᠩᠬᠡᠶ ᠬᠡᠪᠴᠢᠶ᠎ᠡ ᠶᠢ 1.5 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ ᠭᠡᠵᠦ ᠳᠤᠷᠠᠳᠪᠠ᠃    ︽ᠰᠠᠨᠠᠯ︾᠎ ᠳᠤ 8 ᠲᠠᠯ᠎ᠠ ᠪᠠᠷ ᠰᠢᠷᠢᠰ ᠠᠷᠭ᠎ᠠ ᠬᠡᠮᠵᠢᠶ᠎ᠡ ᠳᠤᠷᠠᠳᠪᠠ᠃ ᠨᠢᠭᠡ ᠳᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠣᠯᠠᠨ ᠲᠦᠮᠡᠨᠴᠢ ᠴᠢᠨᠠᠷᠲᠠᠶ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠤᠷᠤᠯᠳᠤᠭᠠᠨ ᠤ ᠲᠦᠪᠰᠢᠨ ᠢ ᠳᠡᠭᠡᠭᠰᠢᠯᠡᠭᠦᠯᠵᠦ᠂ ᠮᠥᠰᠥ ᠴᠠᠰᠤᠨ ᠤ ᠲᠥᠷᠥᠯ ᠵᠦᠢᠯ ᠤᠨ ᠤᠷᠤᠯᠳᠤᠭᠠᠨ ᠤ ᠦᠵᠡᠭᠦᠯᠭᠡ ᠶᠢᠨ ᠠᠵᠤ ᠦᠢᠯᠡᠰ ᠢ ᠬᠥᠭᠵᠢᠭᠦᠯᠦᠨ᠎ᠡ᠃ ᠬᠤᠶᠠᠷ ᠲᠤ᠂ ᠮᠥᠰᠥ ᠴᠠᠰᠤᠨ ᠤ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ ᠮᠥᠰᠥ ᠴᠠᠰᠤᠨ ᠤ ᠠᠵᠤ ᠠᠬᠤᠢ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠮᠥᠰᠥ ᠴᠠᠰᠤᠨ ᠤ ᠰᠣᠶᠣᠯ ᠢ ᠤᠯᠠᠮᠵᠢᠯᠠᠨ ᠬᠥᠭᠵᠢᠭᠦᠯᠵᠦ᠂ ᠮᠥᠰᠥ ᠴᠠᠰᠤᠨ ᠤ ᠲᠤᠨᠤᠭ ᠲᠥᠬᠦᠭᠡᠷᠦᠮᠵᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠰᠥ ᠴᠠᠰᠤᠨ ᠤ ᠵᠢᠭᠤᠯᠴᠢᠯᠠᠯ ᠢ ᠰᠢᠯᠢᠳᠡᠭᠵᠢᠭᠦᠯᠦᠨ ᠬᠥᠭᠵᠢᠭᠦᠯᠦᠨ᠎ᠡ᠃ ᠭᠤᠷᠪᠠ ᠳᠤ᠂ ᠰᠠᠭᠤᠷᠢ ᠲᠥᠬᠦᠭᠡᠷᠦᠮᠵᠢ ᠪᠠ ᠢᠵᠢ ᠪᠦᠷᠢᠳᠦᠭᠰᠡᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠮᠥᠰᠥ ᠴᠠᠰᠤᠨ ᠤ ᠲᠠᠯᠠᠪᠤᠷ ᠤᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠵᠢ ᠪᠦᠷᠢᠳᠦᠭᠰᠡᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠳᠥᠷᠪᠡ ᠳᠤ᠂ ᠮᠥᠰᠥ ᠴᠠᠰᠤᠨ ᠤ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠨᠢᠭᠡ ᠪᠦᠯᠦᠭ ᠮᠥᠰᠥ ᠴᠠᠰᠤᠨ ᠤ ᠬᠦᠷᠢᠶ᠎ᠡ ᠶᠢᠨ ᠨᠡᠷᠡᠲᠦ ᠲᠥᠷᠥᠯ ᠲᠡᠮᠳᠡᠭ ᠪᠠ ᠳᠠᠭᠠᠭᠤᠯᠤᠭᠴᠢ ᠠᠵᠤ ᠠᠬᠤᠶᠢᠯᠠᠯ ᠢ ᠪᠤᠢ ᠪᠣᠯᠭᠠᠵᠤ᠂ ᠨᠢᠭᠡ ᠪᠦᠯᠦᠭ ᠮᠥᠰᠥ ᠴᠠᠰᠤᠨ ᠤ ᠬᠦᠷᠢᠶ᠎ᠡ ᠴᠠᠷᠠᠭ᠎ᠠ ᠶᠢᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ ᠳᠤᠮᠳᠠ ᠪᠠᠭ᠎ᠠ ᠠᠵᠤ ᠠᠬᠤᠶᠢᠯᠠᠯ ᠢ ᠪᠤᠶᠢᠵᠢᠭᠤᠯᠤᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠤᠶᠢᠵᠢᠭᠤᠯᠤᠨ᠎ᠠ᠃ ᠲᠠᠪᠤ ᠳᠤ᠂ ᠮᠥᠰᠥ ᠴᠠᠰᠤᠨ ᠤ ᠬᠡᠷᠡᠭᠯᠡᠭᠡ ᠶᠢ ᠠᠬᠢᠭᠤᠯᠤᠨ ᠥᠷᠭᠡᠳᠭᠡᠨ᠎ᠡ᠃ ᠮᠥᠰᠥ ᠴᠠᠰᠤᠨ ᠤ ᠬᠡᠷᠡᠭᠯᠡᠭᠡᠨ ᠤ ᠪᠦᠲᠦᠭᠡᠭᠳᠡᠬᠦᠨ ᠢ ᠪᠠᠶᠠᠯᠢᠭᠵᠢᠭᠤᠯᠵᠤ᠂ ᠮᠥᠰᠥ ᠴᠠᠰᠤᠨ ᠤ ᠬᠡᠷᠡᠭᠯᠡᠭᠡᠨ ᠤ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠮᠥᠰᠥ ᠴᠠᠰᠤᠨ ᠤ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠬᠦᠯᠦᠨ᠎ᠠ᠃ ᠵᠢᠷᠭᠤᠭ᠎ᠠ ᠳᠤ᠂ ᠮᠥᠰᠥ ᠴᠠᠰᠤᠨ ᠤ ᠠᠵᠤ ᠠᠬᠤᠶ ᠶᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠮᠥᠰᠥ ᠴᠠᠰᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠮᠥᠰᠥ ᠴᠠᠰᠤᠨ ᠤ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠳᠬᠠᠨ᠎ᠠ᠃ ᠳᠣᠯᠤᠭ᠎ᠠ ᠳᠤ᠂ ᠮᠥᠰᠥ ᠴᠠᠰᠤᠨ ᠤ ᠠᠵᠤ ᠠᠬᠤᠶ ᠶᠢᠨ ᠭᠠᠳᠠᠭᠠᠳᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠥᠨᠳᠥᠷ ᠲᠦᠪᠰᠢᠨ ᠪᠦᠬᠦᠢ ᠤᠯᠠᠨ ᠤᠯᠤᠰ ᠤᠨ ᠮᠥᠰᠥ ᠴᠠᠰᠤᠨ ᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠤᠯᠠᠨ ᠤᠯᠤᠰ ᠤᠨ ᠮᠥᠰᠥ ᠴᠠᠰᠤᠨ ᠤ ᠠᠵᠤ ᠠᠬᠤᠢ ᠶᠢᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ᠎ᠠ᠃ ᠨᠠᠢᠮᠠ ᠳᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠮᠥᠰᠥ ᠴᠠᠰᠤᠨ ᠤ ᠠᠵᠤ ᠠᠬᠤᠢ ᠶᠢᠨ ᠲᠤᠭ᠎ᠠ ᠪᠦᠷᠢᠳᠭᠡᠯ ᠤᠨ ᠰᠢᠰᠲ᠋ᠧᠮ ᠤᠨ ᠰᠤᠳᠤᠯᠭᠠᠨ ᠢ ᠴᠢᠩᠭᠠᠳᠬᠠᠵᠤ᠂ ᠲᠤᠭ᠎ᠠ ᠪᠦᠷᠢᠳᠭᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠮᠥᠰᠥ ᠴᠠᠰᠤᠨ ᠤ ᠲᠠᠮᠢᠷ ᠤᠨ ᠲᠠᠯᠠᠪᠤᠷ ᠭᠠᠵᠠᠷ᠂ ᠮᠥᠰᠥ ᠴᠠᠰᠤᠨ ᠤ ᠵᠤᠭ᠎ᠠ ᠴᠡᠩᠭᠡᠯ ᠤᠨ ᠭᠠᠵᠠᠷ᠂ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ᠂ ᠮᠥᠰᠥ ᠴᠠᠰᠤᠨ ᠤ ᠲᠣᠨᠣᠭᠯᠠᠯ ᠲᠥᠬᠦᠭᠡᠷᠦᠮᠵᠢ ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠮᠥᠰᠥ ᠴᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号