ᠡᠳᠦᠷ ᠪᠦᠷᠢ ᠪᠠᠭ᠎ᠠ ᠬᠡᠮᠵᠢᠶᠡᠨ ᠤ ᠪᠣᠯᠪᠠᠰᠤᠷᠠᠯ ᠬᠢᠪᠡᠯ ᠴᠢᠰᠤᠨ ᠳᠠᠷᠤᠯᠲᠠ ᠶᠢ ᠪᠠᠭᠤᠷᠠᠭᠤᠯᠬᠤ ᠳᠤ ᠲᠤᠰᠠᠳᠠᠢ
ᠨᠡᠶᠢᠲᠡᠯᠡᠭᠰᠡᠨ ᠴᠠᠭ᠄
2024/11/15
    ᠠᠦ᠋ᠰᠲᠷᠠᠯᠢᠶ᠎ᠠ ᠶᠢᠨ ᠰᠢᠳ᠋ᠨᠢ ᠶᠡᠭᠡ ᠰᠤᠷᠭᠠᠭᠤᠯᠢ ᠪᠠ ᠠᠩᠭ᠍ᠯᠢ ᠶᠢᠨ ᠯᠤᠨᠳᠤᠨ ᠶᠡᠭᠡ ᠰᠤᠷᠭᠠᠭᠤᠯᠢ ᠶᠢᠨ ᠳᠡᠭᠡᠳᠦ ᠰᠤᠷᠭᠠᠭᠤᠯᠢ ᠶᠢᠨ ᠰᠤᠳᠤᠯᠭᠠᠲᠠᠳ ᠤᠨ ᠳᠠᠭᠠᠭᠤᠯᠤᠨ ᠥᠷᠨᠢᠭᠦᠯᠦᠭᠰᠡᠨ ᠨᠢᠭᠡᠨ ᠰᠢᠨ᠎ᠡ ᠰᠤᠳᠤᠯᠭᠠᠨ ᠳᠤ ᠬᠠᠷᠠᠭᠤᠯᠤᠬᠰᠡᠨ ᠢᠶᠠᠷ᠂ ᠡᠳᠦᠷ ᠪᠦᠷᠢ ᠪᠠᠭ᠎ᠠ ᠬᠡᠮᠵᠢᠶᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ᠂ ᠵᠢᠱᠢᠶᠡᠯᠡᠪᠡᠯ ᠭᠦᠶᠦᠬᠦ᠂ ᠳᠤᠭᠤᠶ ᠤᠨᠤᠬᠤ ᠪᠤᠶᠤ ᠱᠠᠲᠤ ᠠᠪᠠᠷᠢᠬᠤ ᠵᠡᠷᠭᠡ ᠨᠢ ᠴᠢᠰᠤᠨ ᠳᠠᠷᠤᠯᠲᠠ ᠶᠢ ᠪᠠᠭᠤᠷᠠᠭᠤᠯᠬᠤ ᠳᠤ ᠠᠰᠢᠭᠲᠠᠶ ᠪᠠᠶᠢᠳᠠᠭ᠃ ᠬᠤᠯᠪᠤᠬᠳᠠᠯ ᠪᠦᠬᠦᠢ ᠥᠭᠦᠯᠡᠯ ᠨᠢᠭᠡᠨᠲᠡ ᠠᠮᠧᠷᠢᠺᠠ ᠶᠢᠨ ᠵᠢᠷᠦᠬᠡᠨ ᠤ ᠨᠡᠶᠢᠭᠡᠮᠯᠢᠭ ᠤᠨ ᠡᠷᠬᠢᠯᠡᠭᠰᠡᠨ ︽ᠣᠷᠴᠢᠯ︾ ᠰᠡᠳᠬᠦᠯ ᠳᠡᠭᠡᠷ᠎ᠡ ᠨᠡᠶᠢᠲᠡᠯᠡᠭᠳᠡᠵᠡᠢ᠃    ᠰᠢᠳ᠋ᠨᠢ ᠶᠡᠭᠡ ᠰᠤᠷᠭᠠᠭᠤᠯᠢ ᠣᠶᠢᠷ᠎ᠠ ᠳᠤ ᠰᠣᠨᠢᠨ ᠮᠡᠳᠡᠭᠡᠨ ᠤ ᠠᠯᠪᠠᠨ ᠮᠡᠳᠡᠭᠡ ᠨᠡᠶᠢᠲᠡᠯᠡᠵᠦ᠂ ᠴᠢᠰᠤᠨ ᠳᠠᠷᠤᠯᠲᠠ ᠥᠨᠳᠥᠷ ᠨᠢ ᠪᠥᠬᠦ ᠳᠡᠯᠡᠬᠡᠶ ᠶᠢᠨ 12.8 ᠳ᠋ᠦᠩᠰᠢᠭᠤᠷ ᠣᠷᠴᠢᠮ ᠨᠠᠰᠤᠨ ᠳᠤ ᠭᠦᠷᠦᠭᠰᠡᠳ ᠢ ᠨᠥᠯᠥᠭᠡᠯᠡᠵᠦ᠂ ᠰᠠ ᠡᠪᠡᠳᠴᠢᠨ᠂ ᠵᠢᠷᠦᠬᠡᠨ ᠡᠪᠡᠳᠴᠢᠨ᠂ ᠵᠢᠷᠦᠬᠡᠨ ᠲᠠᠮᠢᠷ ᠮᠠᠭᠤᠳᠠᠬᠤ᠂ ᠪᠥᠭᠡᠷ᠎ᠡ ᠶᠢᠨ ᠭᠡᠮᠲᠦᠯ ᠵᠡᠷᠭᠡ ᠠᠯᠢ ᠣᠯᠠᠨ ᠡᠷᠡᠭᠦᠯ ᠮᠡᠨᠳᠦ ᠶᠢᠨ ᠠᠰᠠᠭᠤᠳᠠᠯ ᠢ ᠡᠭᠦᠰᠭᠡᠵᠦ ᠮᠡᠳᠡᠨ᠎ᠡ᠂ ᠢᠯᠡᠷᠡᠯ ᠨᠢ ᠢᠯᠡᠷᠬᠡᠶ ᠪᠤᠰᠤ ᠠᠴᠠ ᠪᠣᠯᠵᠣ ᠦᠷᠭᠦᠯᠵᠢ ︽ᠳᠤᠭᠤᠶ ᠶᠠᠷᠭᠠᠴᠢᠨ︾ ᠬᠡᠮᠡᠭᠳᠡᠳᠡᠭ ᠭᠡᠵᠤ ᠬᠡᠯᠡᠪᠡ᠃    ᠥᠭᠦᠯᠡᠯ ᠤᠨ ᠴᠢᠮᠡᠭᠡᠯᠡᠯ ᠤᠨ ᠵᠣᠬᠢᠶᠠᠭᠴᠢ ᠶᠢᠨ ᠨᠢᠭᠡ᠂ ᠰᠢᠳ᠋ᠨᠢ ᠶᠡᠭᠡ ᠰᠤᠷᠭᠠᠭᠤᠯᠢ ᠶᠢᠨ ᠴᠠᠷᠯᠧᠰ · ᠫᠤᠷᠺᠢᠨᠰ ᠲᠥᠪ ᠤᠨ ᠫᠷᠤᠹᠧᠰᠰᠤᠷ ᠠᠶᠢᠮᠠᠨᠢᠤᠠᠶᠢᠢᠷ · ᠰᠲ᠋ᠠᠮᠠᠲ᠋ᠠᠵᠢᠰ᠂ ᠴᠢᠰᠤᠨ ᠳᠠᠷᠤᠯᠲᠠ ᠥᠨᠳᠥᠷ ᠪᠣᠯ ᠪᠥᠬᠦ ᠪᠥᠮᠪᠥᠷᠴᠡᠭ ᠤᠨ ᠬᠠᠮᠤᠭ ᠤᠨ ᠭᠤᠤᠯ ᠪᠣᠯᠬᠤ ᠡᠷᠡᠭᠦᠯ ᠮᠡᠨᠳᠦ ᠶᠢᠨ ᠠᠰᠠᠭᠤᠳᠠᠯ ᠤᠨ ᠨᠢᠭᠡ ᠮᠥᠨ᠂ ᠭᠡᠪᠡᠴᠦ ᠪᠤᠰᠤᠳ ᠵᠠᠷᠢᠮ ᠠᠮᠢᠨ ᠳᠤ ᠬᠦᠷᠬᠦ ᠪᠣᠯᠤᠮᠵᠢ ᠲᠠᠢ ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ ᠠᠳᠠᠯᠢ ᠥᠬᠡᠶ᠂ ᠡᠮ ᠢᠶᠠᠷ ᠵᠠᠰᠠᠬᠤ ᠠᠴᠠ ᠭᠠᠳᠠᠨ᠎ᠠ᠂ ᠴᠢᠰᠤᠨ ᠳᠠᠷᠤᠯᠲᠠ ᠥᠨᠳᠥᠷ ᠡᠪᠡᠳᠴᠢᠨ ᠢ ᠪᠠᠰᠠ ᠬᠠᠷᠢᠴᠠᠩᠭᠤᠶ ᠬᠢᠯᠪᠠᠷ ᠠᠷᠭ᠎ᠠ ᠪᠠᠷ ᠠᠷᠭᠠᠴᠠᠭᠠᠵᠤ ᠮᠡᠳᠡᠨ᠎ᠡ ᠭᠡᠵᠤ ᠵᠢᠭᠠᠵᠤ ᠭᠠᠷᠭᠠᠪᠠ᠃    ᠰᠤᠳᠤᠯᠭᠠᠨ ᠤ ᠪᠦᠯᠬᠦᠮ ᠤᠨ ᠬᠢᠨ 5 ᠤᠯᠤᠰ ᠠᠴᠠ ᠢᠷᠡᠭᠰᠡᠨ 1.4 ᠲᠦᠮᠡ ᠭᠠᠷᠤᠶ ᠰᠠᠶᠢᠨ ᠲᠤᠷᠠᠴᠤᠳ ᠤᠨ ᠡᠷᠡᠭᠦᠯ ᠮᠡᠨᠳᠦ ᠶᠢᠨ ᠲᠤᠭ᠎ᠠ ᠪᠠᠷᠢᠮᠲᠠ ᠳᠤ ᠵᠠᠳᠠᠯᠤᠯᠲᠠ ᠬᠢᠵᠦ᠂ ᠨᠢᠭᠡ ᠡᠳᠦᠷ ᠤᠨ ᠳᠣᠲᠣᠷ᠎ᠠ ᠨᠢᠭᠡ ᠵᠦᠢᠯ ᠤᠨ ᠬᠥᠳᠡᠯᠭᠡᠭᠡᠨ ᠤ ᠠᠵᠢᠯᠯᠠᠭ᠎ᠠ ᠪᠣᠯᠤᠨ ᠴᠢᠰᠤᠨ ᠳᠠᠷᠤᠯᠲᠠ ᠶᠢᠨ ᠬᠤᠭᠤᠷᠣᠨᠳᠣᠬᠢ ᠬᠠᠷᠢᠴᠠᠭ᠎ᠠ ᠶᠢ ᠰᠤᠳᠤᠯᠬᠤ ᠪᠠᠷ ᠪᠠᠶᠢᠨ᠎ᠠ᠃ ᠣᠷᠣᠯᠴᠠᠭᠴᠢ ᠶᠢᠨ ᠡᠳᠦᠷ ᠲᠤᠲᠤᠮ ᠤᠨ ᠬᠥᠳᠡᠯᠭᠡᠭᠡᠨ ᠢ ᠤᠨᠲᠠᠬᠤ᠂ ᠤᠳᠠᠭᠠᠨ ᠰᠠᠭᠤᠬᠤ᠂ ᠤᠳᠠᠭᠠᠨ ᠶᠠᠪᠤᠬᠤ᠂ ᠲᠦᠷᠭᠡᠨ ᠶᠠᠪᠤᠬᠤ᠂ ᠵᠣᠭᠰᠣᠬᠤ ᠪᠠ ᠨᠡᠯᠢᠶᠡᠳ ᠰᠢᠷᠦᠭᠦᠨ ᠬᠥᠳᠡᠯᠭᠡᠭᠡᠨ ︵ᠭᠦᠶᠦᠬᠦ᠂ ᠳᠤᠭᠤᠶ ᠤᠨᠤᠬᠤ ᠪᠤᠶᠤ ᠠᠰᠠᠷ ᠤᠨ ᠱᠠᠲᠤ ᠠᠪᠠᠷᠢᠬᠤ ᠵᠡᠷᠭᠡ︶ ᠭᠡᠬᠦ ᠵᠢᠷᠭᠤᠭᠠᠨ ᠲᠥᠷᠥᠯ ᠳᠤ ᠬᠤᠪᠢᠶᠠᠨ᠎ᠠ᠃ ᠣᠷᠣᠯᠴᠠᠭᠴᠢ ᠪᠣᠯᠭᠠᠨ ᠪᠦᠷ ᠭᠤᠶ᠎ᠠ ᠳᠡᠭᠡᠷ᠎ᠡ ᠪᠠᠨ ᠬᠤᠷᠳᠤᠴᠠ ᠨᠡᠮᠡᠬᠦ ᠬᠡᠮᠵᠢᠭᠦᠷ ᠵᠡᠭᠦᠵᠦ᠂ ᠲᠡᠳᠡᠨ ᠤ ᠪᠦᠬᠦ ᠡᠳᠦᠷ ᠤᠨ ᠬᠥᠳᠡᠯᠭᠡᠭᠡᠨ ᠵᠡᠷᠭᠡ ᠶᠢ ᠬᠡᠮᠵᠢᠨ᠎ᠡ᠃    ᠰᠤᠳᠤᠯᠭᠠᠨ ᠤ ᠪᠦᠯᠬᠦᠮ ᠵᠠᠭᠪᠤᠷ ᠢᠶᠠᠷ ᠳᠠᠮᠵᠢᠨ ᠣᠷᠣᠯᠴᠠᠭᠴᠢ ᠶᠢᠨ ᠡᠯ᠎ᠡ ᠵᠦᠢᠯ ᠤᠨ ᠬᠥᠳᠡᠯᠭᠡᠭᠡᠨ ᠤ ᠬᠡᠯᠪᠡᠷᠢ ᠶᠢᠨ ᠬᠤᠭᠤᠷᠣᠨᠳᠣ ᠰᠣᠯᠢᠬᠤ ᠨᠢ ᠴᠢᠰᠤᠨ ᠳᠠᠷᠤᠯᠲᠠ ᠳᠤ ᠦᠵᠡᠭᠦᠯᠬᠦ ᠨᠥᠯᠥᠭᠡ ᠶᠢ ᠪᠠᠷᠤᠭᠴᠠᠭᠠᠯᠠᠨ ᠪᠣᠳᠣᠵᠠᠢ᠃ ᠰᠤᠳᠤᠯᠭᠠᠨ ᠳᠤ ᠵᠢᠱᠢᠭᠰᠡᠨ ᠢᠶᠠᠷ᠂ ᠡᠳᠦᠷ ᠪᠦᠷᠢ ᠢᠯᠡᠭᠦᠦ 5 ᠮᠢᠨᠦ᠋ᠲ ᠬᠥᠳᠡᠯᠭᠡᠭᠡᠨ ᠬᠢᠪᠡᠯ ᠴᠢᠰᠤᠨ ᠳᠠᠷᠤᠯᠲᠠ ᠶᠢ ᠮᠡᠳᠡᠭᠳᠡᠮ᠎ᠡ ᠪᠠᠭᠤᠷᠠᠭᠤᠯᠵᠤ ᠴᠢᠳᠠᠨ᠎ᠠ︔ ᠡᠳᠦᠷ ᠪᠦᠷᠢ 20 — 27 ᠮᠢᠨᠦ᠋ᠲ ᠨᠡᠯᠢᠶᠡᠳ ᠰᠢᠷᠦᠭᠦᠨ ᠬᠥᠳᠡᠯᠭᠡᠭᠡᠨ ᠢᠶᠠᠷ ᠤᠳᠠᠭᠠᠨ ᠰᠠᠭᠤᠬᠤ ᠶᠢ ᠣᠷᠣᠯᠠᠭᠤᠯᠪᠠᠯ᠂ ᠡᠮᠴᠢᠯᠡᠭᠡᠨ ᠤ ᠠᠴᠢ ᠬᠤᠯᠪᠣᠭᠳᠠᠯ ᠲᠠᠢ ᠴᠢᠰᠤᠨ ᠳᠠᠷᠤᠯᠲᠠ ᠶᠢ ᠪᠠᠭᠤᠷᠠᠭᠤᠯᠵᠤ ᠮᠡᠳᠡᠬᠦ ᠪᠥᠭᠡᠳ ᠬᠠᠮᠲᠤᠯᠢᠭ ᠤᠨ ᠲᠠᠯ᠎ᠠ ᠠᠴᠠ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠭᠦᠰᠭᠦ ᠨᠣᠷᠮ᠎ᠠ ᠶᠢ 28 %᠎ ᠳᠤ ᠬᠦᠷᠲᠡᠯ᠎ᠡ ᠪᠠᠭᠤᠷᠠᠭᠤᠯᠵᠤ ᠮᠡᠳᠡᠨ᠎ᠡ᠃    ᠰᠤᠳᠤᠯᠭᠠᠨ ᠤ ᠠᠵᠢᠯᠲᠠᠨ᠂ ᠡᠨᠡ ᠬᠦ ᠰᠢᠨ᠎ᠡ ᠰᠤᠳᠤᠯᠭᠠᠨ ᠳᠤ ᠬᠠᠷᠠᠭᠤᠯᠤᠬᠰᠡᠨ ᠢᠶᠠᠷ᠂ ᠪᠣᠳᠠᠭᠠᠯᠢ ᠪᠡᠶ᠎ᠡ ᠶᠢᠨ ᠪᠠᠶᠢᠳᠠᠯ ᠶᠠᠮᠠᠷ ᠪᠠᠶᠢᠭᠰᠠᠨ ᠴᠤ᠂ ᠡᠳᠦᠷ ᠪᠦᠷᠢ ᠣᠬᠤᠷ ᠬᠤᠭᠤᠴᠠᠭᠠᠨ ᠤ ᠬᠥᠳᠡᠯᠭᠡᠭᠡᠨ ᠬᠢᠪᠠᠯ ᠴᠢᠰᠤᠨ ᠳᠠᠷᠤᠯᠲᠠ ᠳᠤ ᠢᠳᠡᠪᠬᠢᠲᠡᠶ ᠨᠥᠯᠥᠭᠡ ᠦᠵᠡᠭᠦᠯᠵᠦ ᠮᠡᠳᠡᠨ᠎ᠡ᠃ ᠡᠨᠡ ᠬᠦ ᠰᠤᠳᠤᠯᠭᠠᠨ ᠤ ᠨᠢᠭᠡ ᠣᠨᠴᠠᠭᠠᠶ ᠲᠠᠯ᠎ᠠ ᠭᠡᠪᠡᠯ ᠨᠡᠶᠢᠲᠡ ᠶᠢᠨ ᠮᠠᠰᠢᠨ ᠲᠡᠷᠭᠡ᠂ ᠣᠶᠢᠷ᠎ᠠ ᠵᠠᠮ ᠤᠨ ᠳᠤᠭᠤᠶ ᠲᠡᠷᠭᠡ ᠵᠡᠷᠭᠡ ᠡᠳᠦᠷ ᠲᠤᠲᠤᠮ ᠤᠨ ᠬᠥᠳᠡᠯᠭᠡᠭᠡᠨ ᠢ ᠪᠠᠭᠲᠠᠭᠠᠵᠤ᠂ ᠲᠡᠳᠡᠭᠡᠷ ᠨᠢ ᠴᠥᠮ ᠪᠡᠶ᠎ᠡ ᠶᠢᠨ ᠲᠠᠮᠢᠷ ᠤᠨ ᠪᠣᠯᠪᠠᠰᠤᠷᠠᠯ ᠲᠠᠢ ᠠᠳᠠᠯᠢᠪᠲᠤᠷ ᠦᠷ᠎ᠡ ᠳ᠋ᠦᠩ ᠢ ᠭᠠᠷᠭᠠᠵᠤ ᠴᠢᠳᠠᠨ᠎ᠠ ᠭᠡᠵᠤ ᠢᠯᠡᠳᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号