︽ᠲᠠᠪᠤᠨ ᠵᠢᠯ ᠳᠠᠷᠠᠭᠠᠯᠠᠨ ᠠᠯᠳᠠᠪᠤᠷᠢ ᠲᠠᠢ ᠠᠵᠤ ᠠᠬᠤᠶᠢᠯᠠᠯ᠂ ᠭᠤᠷᠪᠠᠨ ᠵᠢᠯ ᠳᠠᠷᠠᠭᠠᠯᠠᠨ ᠠᠯᠳᠠᠪᠤᠷᠢ ᠲᠠᠢ | ᠪᠥᠭᠡᠳ ᠨᠢᠭᠡᠳᠦᠭᠡᠷ ᠳᠡᠰ ᠤᠨ ᠠᠵᠤ ᠠᠬᠤᠶᠢᠯᠠᠯ ᠤᠨ ᠭᠤᠤᠯ ᠦᠢᠯᠡᠰ ᠤᠨ ᠬᠡᠪᠴᠢᠶᠡᠨ ᠳᠤ ᠦᠯᠦ ᠬᠠᠷᠢᠶᠠᠯᠠᠭᠳᠠᠬᠤ | ᠠᠵᠤ ᠠᠬᠤᠶᠢᠯᠠᠯ᠂ ᠬᠥᠷᠥᠩᠭᠡ ᠶᠢᠨ ᠥᠷᠢᠲᠦᠯ ᠤᠨ ᠨᠣᠷᠮ᠎ᠠ ᠨᠢ 75% ᠶᠢ ᠲᠠᠪᠠᠭᠰᠠᠨ ᠡᠵᠡᠩᠨᠡᠯᠲᠡ ᠶᠢᠨ | ᠣᠷᠣᠯᠭ᠎ᠠ ᠥᠬᠡᠶ ᠪᠥᠭᠡᠳ ᠠᠯᠳᠠᠪᠤᠷᠢ ᠲᠠᠢ ᠠᠵᠤ ᠠᠬᠤᠶᠢᠯᠠᠯ ᠢ ᠤᠬᠤᠷᠢᠨ ᠭᠠᠷᠭᠠᠬᠤ ᠬᠡᠪᠴᠢᠶᠡᠨ ᠳᠤ | ᠣᠷᠣᠭᠤᠯᠤᠨ᠎ᠠ︾ ᠭᠡᠵᠦ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ | ᠦᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠡᠤ ᠳ᠋ᠡ ᠫᠧᠩ | ᠶᠠᠷᠢᠨ᠎ᠠ᠃ | ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠠᠯᠳᠠᠪᠤᠷᠢ ᠶᠢᠨ ᠠᠰᠠᠭᠤᠳᠠᠯ ᠪᠤᠯ ᠮᠠᠨ ᠤ ᠤᠷᠤᠨ ᠤ | ᠢᠮᠠᠭᠳᠠ ᠭᠤᠤᠯᠳᠠᠯᠭ᠎ᠠ ᠲᠠᠢ ᠠᠩᠬᠠᠷᠴᠦ ᠪᠦᠬᠦᠢ ᠠᠰᠠᠭᠤᠳᠠᠯ ᠪᠤᠯᠬᠤ ᠪᠦᠬᠡᠳ ᠲᠦᠷᠬᠡᠳᠬᠡᠨ ᠰᠶᠢᠳᠪᠤᠷᠢᠯᠡᠬᠦ | ᠳᠣᠯᠭᠠᠮ᠎ᠠ ᠠᠰᠠᠭᠤᠳᠠᠯ ᠮᠦᠨ᠃ ᠮᠠᠨ ᠤ ᠣᠷᠣᠨ ᠠᠯᠳᠠᠪᠤᠷᠢ ᠲᠠᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠢ | ᠴᠡᠭᠴᠡᠯᠡᠨ ᠵᠠᠰᠠᠬᠤ ᠲᠠᠯ᠎ᠠ ᠪᠠᠷ ᠶᠠᠮᠠᠷ ᠪᠤᠳᠠᠳᠠᠢ ᠠᠷᠭ᠎ᠠ ᠬᠡᠮᠵᠢᠶ᠎ᠡ ᠠᠪᠴᠦ ᠪᠠᠶᠢᠭ᠎ᠠ ᠪᠤᠯ︖ ᠰᠤᠷᠪᠤᠯᠵᠢᠯᠠᠭᠴᠢ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠤᠨ | ᠲᠦᠷᠦᠭᠦᠬᠡᠨ ᠬᠤᠷᠠᠯᠳᠤᠭᠤᠯᠤᠭᠰᠠᠨ ︽ᠦᠭᠡᠷᠡᠴᠢᠯᠡᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠦᠪᠦᠷ | ᠮᠤᠩᠭᠤᠯ ᠤᠨ ᠴᠢᠨᠠᠷ ᠰᠠᠶᠢᠳᠠᠢ ᠬᠦᠭᠵᠢᠯᠳᠡ ᠶᠢ ᠬᠦᠴᠦᠯᠡᠨ ᠠᠬᠢᠭᠤᠯᠬᠤ︾ ᠰᠢᠷᠢᠰ ᠭᠤᠤᠯ ᠰᠡᠳᠦᠪᠳᠤ ᠰᠤᠨᠢᠨ | ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠮᠠᠨ ᠤ ᠣᠷᠣᠨ ᠠᠯᠳᠠᠪᠤᠷᠢ ᠲᠠᠢ ᠤᠯᠤᠰ ᠤᠨ | ᠦᠮᠴᠢᠯᠡᠯ ᠤᠨ ᠠᠵᠤ ᠠᠬᠤᠶᠢᠯᠠᠯ ᠢ ᠴᠡᠭᠴᠡᠯᠡᠨ ᠵᠠᠰᠠᠬᠤ ᠲᠤᠭᠳᠠᠴᠠ ᠶᠢ ᠪᠦᠷᠢᠨᠰᠢᠬᠦᠯᠬᠦ ᠶᠢᠨ ᠬᠠᠮᠳᠤ ᠲᠤᠰᠬᠠᠶ | ᠠᠵᠢᠯᠯᠠᠭ᠎ᠠ ᠥᠷᠨᠢᠭᠦᠯᠵᠦ᠂ 3 ᠵᠦᠢᠯ ᠤᠨ ᠪᠤᠳᠠᠳᠠᠢ ᠠᠷᠭ᠎ᠠ ᠬᠡᠮᠵᠢᠶ᠎ᠠ ᠪᠠᠷ ᠲᠠᠮᠵᠢᠨ 2025 ᠣᠨ ᠤ ᠰᠡᠭᠦᠯᠴᠢ | ᠪᠣᠯᠲᠠᠯ᠎ᠠ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠠᠵᠤ ᠠᠬᠤᠶᠢᠯᠠᠯ ᠤᠨ ᠠᠯᠳᠠᠪᠤᠷᠢ ᠶᠢᠨ | ᠬᠡᠪᠴᠢᠶ᠎ᠡ ᠪᠠ ᠠᠯᠳᠠᠪᠤᠷᠢ ᠶᠢᠨ ᠬᠡᠮᠵᠢᠶ᠎ᠡ ᠶᠢ ᠶᠡᠭᠡ ᠪᠠᠷ ᠪᠠᠭᠤᠷᠠᠭᠤᠯᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃ | ᠮᠠᠨ ᠤ ᠤᠷᠤᠨ ᠠᠯᠳᠠᠪᠤᠷᠢ ᠲᠠᠢ ᠠᠵᠤ ᠠᠬᠤᠶᠢᠯᠠᠯ ᠢ ᠲᠦᠢᠯᠪᠤᠷᠢᠳᠠᠢ ᠪᠠᠶᠢᠴᠠᠭᠠᠬᠤ ᠠᠵᠢᠯ ᠥᠷᠨᠢᠭᠦᠯᠵᠦ᠂ | ᠬᠢᠨᠠᠨ ᠬᠠᠮᠢᠶᠠᠷᠴᠤ ᠪᠠᠶᠢᠭ᠎ᠠ ᠡᠯ᠎ᠡ ᠱᠠᠲᠤᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ | ᠬᠦᠷᠦᠩᠭᠡ ᠶᠢᠨ ᠥᠷᠢᠲᠦᠯ ᠤᠨ ᠪᠠᠶᠢᠳᠠᠯ ᠵᠡᠷᠭᠡ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠣᠬᠤᠷᠬᠠᠨ | ᠬᠤᠭᠤᠴᠠᠭᠠᠨ ᠳᠤ ᠠᠯᠳᠠᠪᠤᠷᠢ ᠪᠠᠨ ᠬᠤᠪᠢᠷᠠᠭᠤᠯᠬᠤ ᠠᠷᠭ᠎ᠠ ᠦᠭᠡᠢ ᠪᠤᠯᠤᠭᠰᠠᠨ ᠠᠵᠤ ᠠᠬᠤᠶᠢᠯᠠᠯ ᠢ ᠰᠶᠢᠳᠪᠦᠷᠢᠯᠡᠨ | ᠴᠡᠪᠡᠷᠯᠡᠬᠦ ᠪᠤᠶᠤ ᠳᠠᠬᠢᠨ ᠵᠤᠬᠢᠶᠠᠨ ᠪᠠᠶᠢᠭᠤᠯᠵᠤ ᠴᠡᠭᠴᠡᠯᠡᠨ ᠨᠡᠶᠢᠳᠬᠡᠵᠤ ᠪᠠᠶᠢᠨ᠎ᠠ︔ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠵᠦ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠪᠠᠷ ᠠᠯᠳᠠᠪᠤᠷᠢ ᠶᠢ | ᠪᠠᠭᠠᠰᠬᠠᠨ ᠠᠯᠳᠠᠪᠤᠷᠢ ᠶᠢ ᠵᠠᠰᠠᠬᠤ ᠠᠵᠢᠯ ᠤᠨ ᠲᠥᠰᠦᠯ ᠲᠣᠭᠲᠠᠭᠠᠨ᠂ ᠠᠯᠳᠠᠪᠤᠷᠢ ᠲᠠᠢ ᠠᠵᠦ ᠠᠬᠤᠶᠢᠯᠠᠯ ᠢ | ᠴᠡᠭᠴᠡᠯᠡᠨ ᠵᠠᠰᠠᠵᠤ ᠤᠬᠤᠷᠢᠨ ᠭᠠᠷᠭᠠᠬᠤ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠤ ᠪᠠᠶᠢᠨ᠎ᠠ᠃ ᠪᠠᠰᠠ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠪᠤᠷᠢ ᠲᠠᠢ ᠬᠤᠪᠢᠶᠠᠷᠢ ᠠᠵᠤ ᠠᠬᠤᠶᠢᠯᠠᠯ ᠳᠤ ᠭᠤᠤᠯ | ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠯᠳᠠᠪᠤᠷᠢ ᠶᠢᠨ | ᠬᠡᠮᠵᠢᠶ᠎ᠠ ᠶᠢ ᠶᠡᠭᠡ ᠪᠠᠷ ᠪᠠᠭᠤᠷᠠᠭᠤᠯᠬᠤ ᠶᠢ ᠠᠬᠢᠭᠤᠯᠬᠤ ᠶᠢᠨ ᠬᠠᠮᠳᠤ 500 ᠲᠦᠮᠡᠨ ᠲᠥᠭᠦᠷᠢᠭ ᠠᠴᠠ | ᠳᠣᠷᠣᠭᠰᠢᠬᠢ ᠠᠯᠳᠠᠪᠤᠷᠢ ᠲᠠᠢ ᠬᠤᠪᠢᠶᠠᠷᠢ ᠠᠵᠤ ᠠᠬᠤᠶᠢᠯᠠᠯ ᠢ ᠨᠢᠭᠳᠠ ᠠᠩᠬᠠᠷᠴᠤ᠂ ᠤᠬᠤᠷᠢᠨ ᠭᠠᠷᠭᠠᠬᠤ | ᠬᠡᠪᠴᠢᠶᠡᠨ ᠳᠤ ᠣᠷᠣᠭᠤᠯᠤᠭᠰᠠᠨ ᠢ ᠨᠢ ᠡᠷᠡᠰ ᠰᠢᠢᠳᠪᠦᠷᠢᠯᠡᠨ ᠴᠡᠪᠡᠷᠯᠡᠵᠦ᠂ ᠠᠯᠳᠠᠪᠤᠷᠢ ᠶᠢᠨ ᠬᠡᠪᠴᠢᠶ᠎ᠡ ᠶᠢ | ᠶᠡᠭᠡ ᠪᠠᠷ ᠪᠠᠭᠤᠷᠠᠭᠤᠯᠬᠤ ᠶᠢ ᠠᠬᠢᠭᠤᠯᠵᠤ ᠪᠠᠶᠢᠨ᠎ᠠ᠃ | ᠤᠶᠢᠯᠠᠭᠠᠭᠰᠠᠨ ᠢᠶᠠᠷ᠂ ᠡᠨᠡ ᠵᠢᠯ ᠤᠨ 9 ᠰᠠᠷ᠎ᠠ ᠶᠢᠨ ᠰᠡᠬᠦᠯᠴᠢ ᠪᠤᠯᠬᠤ ᠳᠤ ᠦᠪᠡᠷᠲᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠬᠤᠪᠢᠶᠠᠷᠢ ᠠᠵᠤ ᠠᠬᠤᠶᠢᠯᠠᠯ ᠤᠨ | ᠠᠯᠳᠠᠪᠤᠷᠢ ᠶᠢᠨ ᠬᠡᠪᠴᠢᠶ᠎ᠡ 21.4% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ | ᠬᠠᠷᠢᠴᠠᠯ ᠢᠶᠠᠷ 9.9 ᠬᠤᠪᠢ ᠪᠠᠭᠤᠷᠠᠪᠠ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠪᠤᠷᠢ ᠲᠠᠢ 11 | ᠬᠤᠪᠢᠶᠠᠷᠢ ᠠᠵᠤ ᠠᠬᠤᠶᠢᠯᠠᠯ ᠠᠴᠠ 3 ᠠᠵᠤ ᠠᠬᠤᠶᠢᠯᠠᠯ ᠨᠢᠬᠡᠨᠳᠡ ᠤᠯᠵᠠᠪᠤᠷᠢ ᠲᠠᠢ ᠪᠤᠯᠵᠦ᠂ 4 ᠠᠵᠤ | ᠠᠬᠤᠶᠢᠯᠠᠯ ᠨᠢ ᠠᠯᠳᠠᠪᠤᠷᠢ ᠪᠠᠨ ᠪᠠᠭᠠᠰᠬᠠᠨ᠂ ᠨᠡᠶᠢᠲᠡ 2.4 ᠳ᠋ᠦᠩᠰᠢᠭᠤᠷ ᠲᠥᠭᠦᠷᠢᠭ ᠤᠨ ᠠᠯᠳᠠᠪᠤᠷᠢ ᠶᠢ | ᠪᠠᠭᠠᠰᠬᠠᠪᠠ᠃ |