ᠮᠠᠨ ᠤ ᠤᠷᠤᠨ 3 ᠵᠦᠢᠯ ᠤᠨ ᠪᠤᠳᠠᠳᠠᠢ ᠠᠷᠭ᠎ᠠ ᠬᠡᠮᠵᠢᠶ᠎ᠡ ᠠᠪᠴᠦ ᠠᠯᠳᠠᠪᠤᠷᠢ ᠲᠠᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠢ ᠴᠡᠭᠴᠡᠯᠡᠨ ᠵᠠᠰᠠᠵᠦ ᠪᠠᠶᠢᠨ᠎ᠠ
ᠨᠡᠶᠢᠲᠡᠯᠡᠭᠰᠡᠨ ᠴᠠᠭ᠄
2024/11/15
    ︽ᠲᠠᠪᠤᠨ ᠵᠢᠯ ᠳᠠᠷᠠᠭᠠᠯᠠᠨ ᠠᠯᠳᠠᠪᠤᠷᠢ ᠲᠠᠢ ᠠᠵᠤ ᠠᠬᠤᠶᠢᠯᠠᠯ᠂ ᠭᠤᠷᠪᠠᠨ ᠵᠢᠯ ᠳᠠᠷᠠᠭᠠᠯᠠᠨ ᠠᠯᠳᠠᠪᠤᠷᠢ ᠲᠠᠢ ᠪᠥᠭᠡᠳ ᠨᠢᠭᠡᠳᠦᠭᠡᠷ ᠳᠡᠰ ᠤᠨ ᠠᠵᠤ ᠠᠬᠤᠶᠢᠯᠠᠯ ᠤᠨ ᠭᠤᠤᠯ ᠦᠢᠯᠡᠰ ᠤᠨ ᠬᠡᠪᠴᠢᠶᠡᠨ ᠳᠤ ᠦᠯᠦ ᠬᠠᠷᠢᠶᠠᠯᠠᠭᠳᠠᠬᠤ ᠠᠵᠤ ᠠᠬᠤᠶᠢᠯᠠᠯ᠂ ᠬᠥᠷᠥᠩᠭᠡ ᠶᠢᠨ ᠥᠷᠢᠲᠦᠯ ᠤᠨ ᠨᠣᠷᠮ᠎ᠠ ᠨᠢ 75% ᠶᠢ ᠲᠠᠪᠠᠭᠰᠠᠨ ᠡᠵᠡᠩᠨᠡᠯᠲᠡ ᠶᠢᠨ ᠣᠷᠣᠯᠭ᠎ᠠ ᠥᠬᠡᠶ ᠪᠥᠭᠡᠳ ᠠᠯᠳᠠᠪᠤᠷᠢ ᠲᠠᠢ ᠠᠵᠤ ᠠᠬᠤᠶᠢᠯᠠᠯ ᠢ ᠤᠬᠤᠷᠢᠨ ᠭᠠᠷᠭᠠᠬᠤ ᠬᠡᠪᠴᠢᠶᠡᠨ ᠳᠤ ᠣᠷᠣᠭᠤᠯᠤᠨ᠎ᠠ︾ ᠭᠡᠵᠦ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠡᠤ ᠳ᠋ᠡ ᠫᠧᠩ ᠶᠠᠷᠢᠨ᠎ᠠ᠃    ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠠᠯᠳᠠᠪᠤᠷᠢ ᠶᠢᠨ ᠠᠰᠠᠭᠤᠳᠠᠯ ᠪᠤᠯ ᠮᠠᠨ ᠤ ᠤᠷᠤᠨ ᠤ ᠢᠮᠠᠭᠳᠠ ᠭᠤᠤᠯᠳᠠᠯᠭ᠎ᠠ ᠲᠠᠢ ᠠᠩᠬᠠᠷᠴᠦ ᠪᠦᠬᠦᠢ ᠠᠰᠠᠭᠤᠳᠠᠯ ᠪᠤᠯᠬᠤ ᠪᠦᠬᠡᠳ ᠲᠦᠷᠬᠡᠳᠬᠡᠨ ᠰᠶᠢᠳᠪᠤᠷᠢᠯᠡᠬᠦ ᠳᠣᠯᠭᠠᠮ᠎ᠠ ᠠᠰᠠᠭᠤᠳᠠᠯ ᠮᠦᠨ᠃ ᠮᠠᠨ ᠤ ᠣᠷᠣᠨ ᠠᠯᠳᠠᠪᠤᠷᠢ ᠲᠠᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠢ ᠴᠡᠭᠴᠡᠯᠡᠨ ᠵᠠᠰᠠᠬᠤ ᠲᠠᠯ᠎ᠠ ᠪᠠᠷ ᠶᠠᠮᠠᠷ ᠪᠤᠳᠠᠳᠠᠢ ᠠᠷᠭ᠎ᠠ ᠬᠡᠮᠵᠢᠶ᠎ᠡ ᠠᠪᠴᠦ ᠪᠠᠶᠢᠭ᠎ᠠ ᠪᠤᠯ︖ ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠤᠨ ᠲᠦᠷᠦᠭᠦᠬᠡᠨ ᠬᠤᠷᠠᠯᠳᠤᠭᠤᠯᠤᠭᠰᠠᠨ ︽ᠦᠭᠡᠷᠡᠴᠢᠯᠡᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠦᠪᠦᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠡ ᠶᠢ ᠬᠦᠴᠦᠯᠡᠨ ᠠᠬᠢᠭᠤᠯᠬᠤ︾ ᠰᠢᠷᠢᠰ ᠭᠤᠤᠯ ᠰᠡᠳᠦᠪᠳᠤ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠮᠠᠨ ᠤ ᠣᠷᠣᠨ ᠠᠯᠳᠠᠪᠤᠷᠢ ᠲᠠᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠢ ᠴᠡᠭᠴᠡᠯᠡᠨ ᠵᠠᠰᠠᠬᠤ ᠲᠤᠭᠳᠠᠴᠠ ᠶᠢ ᠪᠦᠷᠢᠨᠰᠢᠬᠦᠯᠬᠦ ᠶᠢᠨ ᠬᠠᠮᠳᠤ ᠲᠤᠰᠬᠠᠶ ᠠᠵᠢᠯᠯᠠᠭ᠎ᠠ ᠥᠷᠨᠢᠭᠦᠯᠵᠦ᠂ 3 ᠵᠦᠢᠯ ᠤᠨ ᠪᠤᠳᠠᠳᠠᠢ ᠠᠷᠭ᠎ᠠ ᠬᠡᠮᠵᠢᠶ᠎ᠠ ᠪᠠᠷ ᠲᠠᠮᠵᠢᠨ 2025 ᠣᠨ ᠤ ᠰᠡᠭᠦᠯᠴᠢ ᠪᠣᠯᠲᠠᠯ᠎ᠠ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠠᠵᠤ ᠠᠬᠤᠶᠢᠯᠠᠯ ᠤᠨ ᠠᠯᠳᠠᠪᠤᠷᠢ ᠶᠢᠨ ᠬᠡᠪᠴᠢᠶ᠎ᠡ ᠪᠠ ᠠᠯᠳᠠᠪᠤᠷᠢ ᠶᠢᠨ ᠬᠡᠮᠵᠢᠶ᠎ᠡ ᠶᠢ ᠶᠡᠭᠡ ᠪᠠᠷ ᠪᠠᠭᠤᠷᠠᠭᠤᠯᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃    ᠮᠠᠨ ᠤ ᠤᠷᠤᠨ ᠠᠯᠳᠠᠪᠤᠷᠢ ᠲᠠᠢ ᠠᠵᠤ ᠠᠬᠤᠶᠢᠯᠠᠯ ᠢ ᠲᠦᠢᠯᠪᠤᠷᠢᠳᠠᠢ ᠪᠠᠶᠢᠴᠠᠭᠠᠬᠤ ᠠᠵᠢᠯ ᠥᠷᠨᠢᠭᠦᠯᠵᠦ᠂ ᠬᠢᠨᠠᠨ ᠬᠠᠮᠢᠶᠠᠷᠴᠤ ᠪᠠᠶᠢᠭ᠎ᠠ ᠡᠯ᠎ᠡ ᠱᠠᠲᠤᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠬᠦᠷᠦᠩᠭᠡ ᠶᠢᠨ ᠥᠷᠢᠲᠦᠯ ᠤᠨ ᠪᠠᠶᠢᠳᠠᠯ ᠵᠡᠷᠭᠡ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠣᠬᠤᠷᠬᠠᠨ ᠬᠤᠭᠤᠴᠠᠭᠠᠨ ᠳᠤ ᠠᠯᠳᠠᠪᠤᠷᠢ ᠪᠠᠨ ᠬᠤᠪᠢᠷᠠᠭᠤᠯᠬᠤ ᠠᠷᠭ᠎ᠠ ᠦᠭᠡᠢ ᠪᠤᠯᠤᠭᠰᠠᠨ ᠠᠵᠤ ᠠᠬᠤᠶᠢᠯᠠᠯ ᠢ ᠰᠶᠢᠳᠪᠦᠷᠢᠯᠡᠨ ᠴᠡᠪᠡᠷᠯᠡᠬᠦ ᠪᠤᠶᠤ ᠳᠠᠬᠢᠨ ᠵᠤᠬᠢᠶᠠᠨ ᠪᠠᠶᠢᠭᠤᠯᠵᠤ ᠴᠡᠭᠴᠡᠯᠡᠨ ᠨᠡᠶᠢᠳᠬᠡᠵᠤ ᠪᠠᠶᠢᠨ᠎ᠠ︔ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠪᠠᠷ ᠠᠯᠳᠠᠪᠤᠷᠢ ᠶᠢ ᠪᠠᠭᠠᠰᠬᠠᠨ ᠠᠯᠳᠠᠪᠤᠷᠢ ᠶᠢ ᠵᠠᠰᠠᠬᠤ ᠠᠵᠢᠯ ᠤᠨ ᠲᠥᠰᠦᠯ ᠲᠣᠭᠲᠠᠭᠠᠨ᠂ ᠠᠯᠳᠠᠪᠤᠷᠢ ᠲᠠᠢ ᠠᠵᠦ ᠠᠬᠤᠶᠢᠯᠠᠯ ᠢ ᠴᠡᠭᠴᠡᠯᠡᠨ ᠵᠠᠰᠠᠵᠤ ᠤᠬᠤᠷᠢᠨ ᠭᠠᠷᠭᠠᠬᠤ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠤ ᠪᠠᠶᠢᠨ᠎ᠠ᠃ ᠪᠠᠰᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠪᠤᠷᠢ ᠲᠠᠢ ᠬᠤᠪᠢᠶᠠᠷᠢ ᠠᠵᠤ ᠠᠬᠤᠶᠢᠯᠠᠯ ᠳᠤ ᠭᠤᠤᠯ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠯᠳᠠᠪᠤᠷᠢ ᠶᠢᠨ ᠬᠡᠮᠵᠢᠶ᠎ᠠ ᠶᠢ ᠶᠡᠭᠡ ᠪᠠᠷ ᠪᠠᠭᠤᠷᠠᠭᠤᠯᠬᠤ ᠶᠢ ᠠᠬᠢᠭᠤᠯᠬᠤ ᠶᠢᠨ ᠬᠠᠮᠳᠤ 500 ᠲᠦᠮᠡᠨ ᠲᠥᠭᠦᠷᠢᠭ ᠠᠴᠠ ᠳᠣᠷᠣᠭᠰᠢᠬᠢ ᠠᠯᠳᠠᠪᠤᠷᠢ ᠲᠠᠢ ᠬᠤᠪᠢᠶᠠᠷᠢ ᠠᠵᠤ ᠠᠬᠤᠶᠢᠯᠠᠯ ᠢ ᠨᠢᠭᠳᠠ ᠠᠩᠬᠠᠷᠴᠤ᠂ ᠤᠬᠤᠷᠢᠨ ᠭᠠᠷᠭᠠᠬᠤ ᠬᠡᠪᠴᠢᠶᠡᠨ ᠳᠤ ᠣᠷᠣᠭᠤᠯᠤᠭᠰᠠᠨ ᠢ ᠨᠢ ᠡᠷᠡᠰ ᠰᠢᠢᠳᠪᠦᠷᠢᠯᠡᠨ ᠴᠡᠪᠡᠷᠯᠡᠵᠦ᠂ ᠠᠯᠳᠠᠪᠤᠷᠢ ᠶᠢᠨ ᠬᠡᠪᠴᠢᠶ᠎ᠡ ᠶᠢ ᠶᠡᠭᠡ ᠪᠠᠷ ᠪᠠᠭᠤᠷᠠᠭᠤᠯᠬᠤ ᠶᠢ ᠠᠬᠢᠭᠤᠯᠵᠤ ᠪᠠᠶᠢᠨ᠎ᠠ᠃    ᠤᠶᠢᠯᠠᠭᠠᠭᠰᠠᠨ ᠢᠶᠠᠷ᠂ ᠡᠨᠡ ᠵᠢᠯ ᠤᠨ 9 ᠰᠠᠷ᠎ᠠ ᠶᠢᠨ ᠰᠡᠬᠦᠯᠴᠢ ᠪᠤᠯᠬᠤ ᠳᠤ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠬᠤᠪᠢᠶᠠᠷᠢ ᠠᠵᠤ ᠠᠬᠤᠶᠢᠯᠠᠯ ᠤᠨ ᠠᠯᠳᠠᠪᠤᠷᠢ ᠶᠢᠨ ᠬᠡᠪᠴᠢᠶ᠎ᠡ 21.4% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 9.9 ᠬᠤᠪᠢ ᠪᠠᠭᠤᠷᠠᠪᠠ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠪᠤᠷᠢ ᠲᠠᠢ 11 ᠬᠤᠪᠢᠶᠠᠷᠢ ᠠᠵᠤ ᠠᠬᠤᠶᠢᠯᠠᠯ ᠠᠴᠠ 3 ᠠᠵᠤ ᠠᠬᠤᠶᠢᠯᠠᠯ ᠨᠢᠬᠡᠨᠳᠡ ᠤᠯᠵᠠᠪᠤᠷᠢ ᠲᠠᠢ ᠪᠤᠯᠵᠦ᠂ 4 ᠠᠵᠤ ᠠᠬᠤᠶᠢᠯᠠᠯ ᠨᠢ ᠠᠯᠳᠠᠪᠤᠷᠢ ᠪᠠᠨ ᠪᠠᠭᠠᠰᠬᠠᠨ᠂ ᠨᠡᠶᠢᠲᠡ 2.4 ᠳ᠋ᠦᠩᠰᠢᠭᠤᠷ ᠲᠥᠭᠦᠷᠢᠭ ᠤᠨ ᠠᠯᠳᠠᠪᠤᠷᠢ ᠶᠢ ᠪᠠᠭᠠᠰᠬᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号