ᠪᠥᠬᠦ ᠤᠯᠤᠰ ᠤᠨ ᠬᠠᠮᠤᠭ ᠤᠨ ᠲᠤᠮᠤ ᠬᠡᠷᠡᠯᠴᠢ ᠴᠡᠨᠡᠭ ᠤᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠲᠦᠷᠦᠯ ᠵᠦᠢᠯ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/11/15
    ᠣᠶᠢᠷ᠎ᠠ ᠳᠤ᠂ ᠪᠥᠬᠦ ᠤᠯᠤᠰ ᠤᠨ ᠬᠡᠷᠡᠯᠴᠢ ᠴᠡᠨᠡᠭ ᠤᠨ ᠬᠠᠶᠠᠭᠳᠠᠮᠠᠯ ᠤᠰᠤ ᠶᠢ ᠰᠶᠢᠳᠪᠦᠷᠢᠯᠡᠬᠦ ᠬᠦᠷᠢᠶᠡᠨ ᠳᠠᠬᠢ ᠬᠠᠮᠤᠭ ᠤᠨ ᠲᠤᠮᠤ ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠣᠷᠳᠣᠰ ᠬᠤᠲᠠ ᠳᠤ ᠵᠢᠩᠬᠢᠨᠢ ᠪᠠᠷ ᠠᠰᠢᠭᠯᠠᠯᠲᠠ ᠳᠤ ᠤᠷᠤᠪᠠ᠃    ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠶᠢᠨ ᠡᠵᠡᠯᠡᠬᠦ ᠲᠠᠯᠠᠪᠠᠶ 487 ᠮᠦ᠂ ᠡᠳᠦᠷ ᠪᠦᠷᠢ ᠶᠢᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠶᠢᠳᠪᠦᠷᠢᠯᠡᠬᠦ ᠬᠡᠮᠵᠢᠶ᠎ᠡ 10 ᠲᠦᠮᠡᠨ ᠲᠣᠨ ᠳᠤ ᠬᠦᠷᠴᠤ ᠪᠤᠢ᠃ ᠲᠣᠰ ᠲᠥᠷᠥᠯ ᠵᠦᠢᠯ ᠤᠨ ᠬᠠᠮᠤᠭ ᠤᠨ ᠶᠡᠭᠡ ᠣᠨᠴᠠᠯᠢᠭ ᠪᠣᠯ ᠳᠡᠭᠡᠳᠦ ᠤᠷᠤᠰᠬᠠᠯ ᠤᠨ ᠬᠡᠷᠡᠯᠴᠢ ᠴᠡᠨᠡᠭ ᠤᠨ ᠠᠵᠤ ᠠᠬᠤᠶᠢᠯᠠᠯ ᠤᠨ ᠪᠤᠬᠢᠷ ᠤᠰᠤ ᠶᠢ ᠰᠶᠢᠳᠪᠦᠷᠢᠯᠡᠬᠦ ᠦᠢᠯᠡᠳᠪᠦᠷᠢ ᠪᠠᠷ ᠰᠶᠢᠳᠪᠦᠷᠢᠯᠡᠭᠰᠡᠨ ᠤ ᠳᠠᠷᠠᠭ᠎ᠠ᠂ ᠳᠠᠬᠢᠨ ᠳᠡᠭᠡᠳᠦ ᠤᠷᠤᠰᠬᠠᠯ  ᠳᠠᠬᠢ ᠬᠡᠷᠡᠯᠴᠢ ᠴᠡᠨᠡᠭ  ᠤᠨ ᠠᠵᠤ ᠠᠬᠤᠶᠢᠯᠠᠯ  ᠳᠤ ᠡᠭᠡᠭᠦᠯᠦᠨ ᠠᠰᠢᠭᠯᠠᠭᠤᠯᠵᠤ᠂ ᠡᠭᠡᠭᠦᠯᠦᠨ ᠠᠰᠢᠭᠯᠠᠬᠤ ᠨᠣᠷᠮ᠎ᠠ  ᠶᠢ 95%  ᠳᠤ ᠬᠦᠷᠦᠭᠦᠯᠵᠤ ᠪᠤᠬᠢᠷᠳᠤᠯ ᠭᠠᠳᠠᠭᠰᠢᠯᠠᠭᠤᠯᠬᠤ ᠦᠭᠡᠢ ᠪᠠᠶᠢᠬᠤ ᠶᠢ ᠪᠡᠶᠡᠯᠡᠭᠦᠯᠪᠡ᠃    ᠪᠣᠬᠢᠷ ᠤᠰᠤ ᠰᠶᠢᠳᠪᠦᠷᠢᠯᠡᠬᠦ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠮᠧᠩ ᠰᠦ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠣᠲᠣᠷᠠᠬᠢ ᠣᠯᠠᠨ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠡᠭᠡᠨ ᠰᠶᠢᠳᠪᠦᠷᠢᠯᠡᠵᠦ᠂ ᠪᠤᠬᠢᠷ ᠤᠰᠤ ᠭᠠᠳᠠᠭᠰᠢᠯᠠᠭᠤᠯᠬᠤ ᠦᠭᠡᠢ ᠪᠣᠯᠭᠠᠵᠤ᠂ ᠦᠢᠯᠡᠳᠪᠦᠷᠢ ᠶᠢᠨ ᠲᠣᠭᠤᠷᠢᠭ ᠲᠠᠬᠢ ᠤᠰᠤᠨ ᠤ ᠡᠬᠢ ᠪᠠᠶᠠᠯᠢᠭ ᠤᠨ ᠲᠡᠩᠴᠡᠭᠦᠷᠢ ᠶᠢ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号