ᠴᠡᠭᠡ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠩᠬ᠎ᠠ ᠤᠳᠠᠭ᠎ᠠ 2000 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/11/19
    10 ᠰᠠᠷ᠎ᠠ ᠶᠢᠨ ᠰᠡᠬᠦᠯᠴᠢ ᠪᠤᠯᠳᠠᠯ᠎ᠠ᠂ ᠴᠡᠭᠡ ᠬᠢᠯᠢ ᠶᠢᠨ ᠪᠣᠭᠤᠮᠲᠠ ᠪᠠᠷ ᠦᠡᠭᠭᠡᠷᠡᠭᠰᠡᠨ ᠪᠠᠷᠠᠭᠠᠨ ᠤ ᠬᠡᠮᠵᠢᠶ᠎ᠡ ᠨᠡᠶᠢᠲᠡ 2003.89 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 46.35%᠎ ᠪᠠᠷ ᠨᠡᠮᠡᠭᠳᠡᠪᠡ᠂ ᠡᠨᠡ ᠨᠢ ᠴᠡᠭᠡ ᠬᠢᠯᠢ ᠶᠢᠨ ᠪᠣᠭᠤᠮᠲᠠ ᠨᠡᠭᠡᠭᠡᠯᠳᠡ ᠬᠢᠭᠰᠡᠨ 32 ᠵᠢᠯ ᠤᠨ ᠲᠤᠷᠰᠢ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠩᠬ᠎ᠠ ᠤᠳᠠᠭ᠎ᠠ 2000 ᠲᠦᠮᠡᠨ ᠲᠣᠨ ᠤ ᠪᠣᠭᠤᠮᠲᠠ ᠶᠢ ᠳᠠᠪᠠᠵᠤ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠶᠠᠪᠤᠳᠠᠯ ᠪᠣᠯᠤᠨ᠎ᠠ᠃    ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠵᠠᠮ ᠬᠠᠷᠢᠯᠴᠠᠭᠠᠨ ᠤ ᠬᠦᠢᠰᠦ᠂ ᠠᠷᠠᠯᠵᠢᠶ᠎ᠠ ᠬᠤᠳᠠᠯᠳᠤᠭᠠᠨ ᠤ ᠲᠥᠪ᠂ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠬᠤ ᠭᠠᠵᠠᠷ ᠪᠠ ᠡᠬᠢ ᠪᠠᠶᠠᠯᠢᠭ ᠤᠨ ᠭᠤᠤᠯ ᠵᠠᠮ ᠪᠣᠯᠤᠭᠰᠠᠨ ᠤ ᠬᠤᠪᠢ ᠳᠤ᠂ ᠴᠡᠭᠡ ᠬᠢᠯᠢ ᠶᠢᠨ ᠪᠣᠭᠤᠮᠲᠠ ᠨᠢ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣᠬᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠪᠠ ᠠᠶᠠᠨᠴᠢᠳ ᠤᠨ ᠨᠡᠪᠲᠡᠷᠡᠬᠦ ᠡᠭᠦᠷᠭᠡ ᠶᠢ ᠡᠭᠦᠷᠭᠡᠯᠡᠭᠰᠡᠭᠡᠷ ᠢᠷᠡᠵᠠᠢ᠃ ᠡᠨᠡ ᠵᠢᠯ ᠠᠴᠠ ᠨᠠᠭᠠᠰᠢ᠂ ᠠᠯᠠᠱᠠ ᠠᠶᠢᠮᠠᠭ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢ ᠪᠣᠭᠤᠮᠲᠠ ᠶᠢᠨ ᠨᠡᠭᠡᠭᠡᠯᠲᠡ ᠬᠢᠬᠦ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠨ ᠵᠢᠯᠣᠭᠤᠳᠬᠤ ᠴᠢᠨᠠᠷᠲᠠᠶ ᠭᠠᠷᠳᠠᠴᠠ ᠪᠣᠯᠭᠠᠵᠤ᠂ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠶ᠎ᠠ ᠭᠠᠵᠠᠷ ᠤᠨ ᠬᠤᠯᠪᠣᠭᠠᠯᠠᠨ ᠪᠠᠶᠢᠴᠠᠭᠠᠬᠤ ᠰᠠᠯᠠᠭ᠎ᠠ ᠮᠥᠴᠢᠷ ᠵᠢᠴᠢ ᠮᠣᠩᠭᠤᠯ ᠤᠯᠤᠰ ᠤᠨ ᠰᠢᠪᠡᠭᠡ ᠬᠦᠷᠢᠶ᠎ᠡ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ ᠰᠠᠯᠠᠭ᠎ᠠ ᠮᠥᠴᠢᠷ ᠯᠦᠭᠡ ᠶᠢᠨ ᠨᠢᠭᠲᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠳᠠᠭᠠᠳᠤ ᠨᠡᠭᠡᠭᠡᠯᠲᠡ ᠪᠠᠨ ᠦᠷᠭᠦᠯᠵᠢᠯᠡᠨ ᠥᠷᠭᠡᠳᠭᠡᠪᠡ᠃    ᠪᠣᠭᠤᠮᠲᠠ ᠶᠢᠨ ᠴᠢᠳᠠᠪᠬᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠴᠡᠭᠡ ᠬᠢᠯᠢ ᠶᠢᠨ ᠪᠣᠭᠤᠮᠲᠠ ᠢᠵᠢ ᠪᠦᠷᠢᠳᠦᠬᠦᠯᠬᠦ ᠦᠢᠯᠡᠴᠢᠯᠡᠭᠡᠨ ᠤ ᠲᠥᠬᠦᠭᠡᠷᠦᠮᠵᠢ ᠶᠢ ᠲᠡᠰ ᠳᠡᠪᠰᠢᠬᠦᠯᠬᠦ ᠪᠠ ᠲᠡᠭᠦᠯᠳᠡᠷᠵᠢᠭᠦᠯᠬᠦ ᠶᠢ ᠢᠳᠡᠪᠬᠢᠲᠡᠢ ᠠᠬᠢᠭᠤᠯᠵᠤ᠂ ᠪᠣᠭᠤᠮᠲᠠ ᠶᠢᠨ ᠣᠷᠣᠨ ᠪᠦᠰᠡ ᠶᠢᠨ ᠬᠤᠳᠠ ᠶᠢᠨ ᠶᠠᠪᠤᠳᠠᠯ ᠤᠨ ᠵᠠᠮ ᠤᠨ ᠪᠦᠳᠦᠭᠡᠨ ᠪᠠᠶᠢᠭᠤᠯᠤᠯᠲᠠ᠂ ᠤᠰᠤ ᠬᠠᠩᠭᠠᠬᠤ ᠰᠢᠰᠲ᠋ᠧᠮ ᠵᠢᠴᠢ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠵᠠᠩᠭᠢᠯᠠᠭ᠎ᠠ ᠶᠢᠨ ᠢᠵᠢ ᠪᠦᠷᠢᠳᠦᠬᠦᠯᠬᠦ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ ᠪᠠ ᠥᠷᠭᠡᠳᠭᠡᠨ ᠪᠠᠶᠢᠭᠤᠯᠬᠤ ᠶᠢ ᠭᠤᠣᠯᠳᠠᠯᠭ᠎ᠠ ᠲᠠᠢ ᠴᠢᠩᠭᠠᠳᠬᠠᠵᠤ᠂ ᠲᠤᠬᠠᠢ ᠶᠢᠨ ᠭᠠᠵᠠᠷ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠠ ᠪᠠᠷᠠᠭᠠᠨ ᠤ ᠭᠦᠢᠯᠭᠡᠭᠡ ᠶᠢᠨ ᠲᠡᠭᠡᠭᠡᠪᠦᠷᠢ ᠶᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠴᠡᠭᠡ ᠬᠢᠯᠢ ᠶᠢᠨ ᠪᠣᠭᠤᠮᠲᠠ ᠶᠢᠨ ᠲᠠᠲᠠᠬᠤ ᠬᠦᠴᠦᠨ ᠢ ᠶᠡᠭᠡ ᠪᠠᠷ ᠨᠡᠮᠡᠭᠳᠡᠭᠦᠯᠵᠦ᠂ ᠨᠡᠩ ᠤᠯᠠᠨ ᠠᠵᠤ ᠠᠬᠤᠶᠢᠯᠠᠯ ᠤᠨ ᠤᠯᠠᠨ ᠤᠯᠤᠰ ᠤᠨ ᠠᠷᠠᠯᠵᠢᠶᠠᠨ ᠤ ᠶᠠᠪᠤᠯᠴᠠᠭ᠎ᠠ ᠶᠢ ᠠᠬᠢᠭᠤᠯᠪᠠ᠃    ᠡᠨᠡ ᠵᠢᠯ ᠠᠴᠠ ᠨᠠᠭᠠᠰᠢ᠂ ᠴᠡᠭᠡ ᠬᠢᠯᠢ ᠶᠢᠨ ᠪᠣᠭᠤᠮᠲᠠ ᠤᠯᠤᠰ ᠤᠨ ᠪᠠᠷᠢᠮᠵᠢᠶᠠᠲᠤ ︽ᠨᠢᠭᠡ ᠴᠣᠩᠬᠤᠪᠴᠢ︾᠎ ᠶᠢ ᠦᠷᠬᠦᠯᠵᠢᠯᠡᠨ ᠬᠡᠷᠡᠭᠯᠡᠬᠦ ᠶᠢ ᠪᠥᠬᠦ ᠲᠠᠯ᠎ᠠ ᠪᠠᠷ ᠠᠬᠢᠭᠤᠯᠵᠤ᠂ ᠤᠶᠤᠨᠲᠤ ᠪᠠᠷᠠᠭᠠᠨ ᠤ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠂ AGV ᠵᠢᠯᠣᠭᠤᠴᠢ ᠥᠬᠡᠶ ᠬᠢᠯᠢ ᠠᠯᠤᠰᠯᠠᠭᠰᠠᠨ ᠲᠡᠭᠡᠭᠡᠪᠦᠷᠢ ᠶᠢ ᠶᠡᠭᠡ ᠪᠠᠷ ᠠᠬᠢᠭᠤᠯᠵᠤ᠂ ︽ᠤᠯᠠᠮᠵᠢᠯᠠᠯᠲᠤ + ᠤᠶᠤᠨᠲᠤ︾ ᠵᠢᠴᠢ ᠴᠢᠩᠭᠡᠯᠢᠭ ᠢᠶᠠᠷ ᠬᠤᠯᠪᠣᠭᠠᠯᠠᠨ ᠲᠡᠭᠡᠭᠡᠪᠦᠷᠢᠯᠡᠬᠦ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠪᠠ᠃ ᠡᠭᠦᠨ ᠤ ᠬᠠᠮᠲᠤ᠂ ᠪᠣᠭᠤᠮᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠢᠵᠢ ᠪᠦᠷᠢᠳᠦᠭᠦᠯᠬᠦ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠪᠠᠶᠢᠴᠠᠭᠠᠨ ᠰᠢᠯᠭᠠᠬᠤ ᠵᠢᠴᠢ ᠴᠤᠪᠤᠷᠠᠯ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ︽ᠨᠢᠭᠡ ᠴᠣᠩᠬᠤᠪᠴᠢ︾᠎ ᠶᠢᠨ ᠬᠡᠷᠡᠭᠯᠡᠭᠡᠨ ᠤ ᠨᠣᠷᠮ᠎ᠠ ᠶᠢ 100%᠎ ᠳᠤ ᠬᠦᠷᠦᠭᠦᠯᠵᠦ᠂ ︽ᠠᠷᠪᠠ ᠶᠢ ᠣᠷᠣᠭᠤᠯᠵᠤ ᠵᠢᠷᠭᠤᠭ᠎ᠠ ᠶᠢ ᠭᠠᠷᠭᠠᠬᠤ︾ ᠤᠶᠤᠨᠲᠤ ᠺᠠᠷᠲ ᠢᠶᠠᠷ ᠲᠡᠷᠭᠡ ᠬᠥᠰᠭᠡ ᠶᠢᠨ ᠲᠦᠷᠭᠡᠨ ᠥᠩᠭᠡᠷᠡᠬᠦ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠪᠠᠷᠠᠭ᠎ᠠ ᠶᠢᠨ ᠬᠡᠮᠵᠢᠶ᠎ᠡ ᠲᠦᠷᠭᠡᠨ ᠴᠢᠨᠠᠷ ᠲᠠᠢ ᠨᠡᠮᠡᠭᠳᠡᠯ ᠢ ᠪᠡᠶᠡᠯᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号