ᠮᠠᠨ ᠤ ᠣᠷᠣᠨ ᠤ 2 ᠲᠥᠷᠥᠯ ᠵᠦᠢᠯ ᠪᠥᠬᠦ ᠤᠯᠤᠰ ᠤᠨ ᠨᠡᠶᠢᠲᠡᠯᠢᠭ ᠵᠢᠱᠢᠶ᠎ᠠ ᠪᠠᠷ ᠰᠤᠩᠭᠤᠭᠳᠠᠪᠠ
ᠨᠡᠶᠢᠲᠡᠯᠡᠭᠰᠡᠨ ᠴᠠᠭ᠄
2024/11/19
    ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠠᠬᠡᠬᠡᠪᠤᠷᠢ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ᠂ ᠬᠥᠬᠡᠬᠤᠲᠠ — ᠤᠯᠠᠭᠠᠨᠬᠤᠲᠠ ᠶᠢᠨ ᠬᠤᠪᠢᠰᠬᠠᠯ ᠤᠨ ᠵᠢᠭᠤᠯᠴᠢᠯᠠᠯ ᠤᠨ ᠠᠶᠠᠯᠠᠯ ᠤᠨ ᠱᠤᠭᠤᠮ ᠲᠣᠰᠪᠤᠷᠢ ᠪᠦᠬᠦ ᠤᠯᠤᠰ ᠤᠨ ᠬᠤᠶᠠᠳᠤᠭᠠᠷ ᠪᠦᠯᠦᠭ ᠤᠨ ᠵᠠᠮ ᠬᠠᠷᠢᠯᠴᠠᠭ᠎ᠠ ᠲᠡᠭᠡᠭᠡᠪᠦᠷᠢ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠨᠡᠶᠢᠲᠡᠯᠢᠭ ᠵᠢᠱᠢᠶ᠎ᠡ ᠶᠢᠨ ᠭᠤᠤᠯ ᠱᠤᠭᠤᠮ ᠤᠨ ᠵᠢᠭᠤᠯᠴᠢᠯᠠᠯ ᠤᠨ ᠵᠠᠰᠠᠮᠠᠯ ᠵᠠᠮ ᠪᠤᠯᠤᠨ ᠠᠭᠠᠷ ᠠᠶᠠᠯᠠᠯ ᠤᠨ ᠵᠢᠭᠤᠯᠴᠢᠯᠠᠯ ᠤᠨ ᠦᠢᠯᠡᠳᠬᠦᠨ ᠤ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃    ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ ᠪᠣᠯ ᠭᠤᠤᠯ ᠱᠤᠭᠤᠮ ᠤᠨ ᠵᠢᠭᠤᠯᠴᠢᠯᠠᠯ ᠤᠨ ᠵᠠᠰᠠᠮᠠᠯ ᠵᠠᠮ ᠳᠤ ᠲᠦᠰᠢᠭᠯᠡᠨ ᠪᠠᠶᠢᠭᠤᠯᠤᠭᠰᠠᠨ ᠵᠢᠭᠤᠯᠴᠢᠯᠠᠯ ᠤᠨ ᠦᠵᠡᠮᠵᠢ ᠶᠢᠨ ᠶᠡᠭᠡ ᠵᠠᠮ ᠪᠣᠯᠤᠨ᠎ᠠ᠂ ᠭᠤᠤᠯ ᠱᠤᠭᠤᠮ ᠳᠤᠨᠢ ᠬᠠᠶᠢᠯᠠᠷ — ᠴᠢᠭᠤᠯᠤᠯᠲᠤ ᠬᠠᠭᠠᠯᠭ᠎ᠠ ᠬᠦᠷᠬᠦ ᠲᠦᠷᠭᠡᠨ ᠤ ᠵᠠᠰᠠᠮᠠᠯ ᠵᠠᠮ ᠤᠨ G1013 ᠰᠢᠯᠢ ᠶᠢᠨ ᠭᠤᠤᠯ ᠤᠨ ᠬᠡᠰᠡᠭ᠂ G207 ᠲᠠᠶᠢᠹᠤᠰᠧ ᠬᠤᠰᠢᠭᠤ — ᠰᠢᠯᠤᠭᠤᠨ ᠬᠥᠬᠡ ᠬᠤᠰᠢᠭᠤ — ᠪᠠᠷᠠᠭᠤᠨ ᠦᠵᠦᠮᠦᠴᠢᠨ ᠬᠤᠰᠢᠭᠤᠨ ᠤ ᠬᠡᠰᠡᠭ᠂ G510 ᠳᠣᠯᠣᠨ ᠨᠠᠭᠤᠷ ᠰᠢᠶᠠᠨ ᠤ ᠬᠡᠰᠡᠭ᠂ S206 ᠪᠠᠷᠠᠭᠤᠨ ᠦᠵᠦᠮᠦᠴᠢᠨ ᠬᠤᠰᠢᠭᠤ — ᠵᠡᠭᠦᠨ ᠦᠵᠦᠮᠦᠴᠢᠨ ᠬᠤᠰᠢᠭᠤ — ᠤᠯᠠᠭᠠᠶ ᠬᠠᠮᠢᠶᠠᠷᠤᠯᠲᠠ ᠶᠢᠨ ᠣᠷᠣᠨ ᠤ ᠬᠡᠰᠡᠭ ᠪᠠᠭᠲᠠᠵᠤ᠂ ᠨᠡᠶᠢᠲᠡ 672 ᠺᠢᠯᠣᠮᠧᠲᠷ ᠤᠷᠳᠤ ᠪᠠᠶᠢᠳᠠᠭ᠃ ᠲᠡᠷᠡ ᠨᠢ ᠰᠢᠯᠢ ᠶᠢᠨ ᠭᠤᠤᠯ ᠠᠶᠢᠮᠠᠭ ᠤᠨ 7 ᠬᠤᠰᠢᠭᠤ ᠰᠢᠶᠠᠨ ᠬᠤᠲᠠ ︵ᠲᠣᠭᠤᠷᠢᠭ︶ ᠳᠤ ᠨᠡᠪᠲᠡᠷᠡᠵᠤ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠲᠤᠯᠤᠨ ᠨᠠᠭᠤᠷ᠂ ᠰᠢᠯᠢᠩᠬᠤᠲᠠ ᠶᠢᠨ ᠠᠳᠤᠭᠤᠨ ᠰᠤᠶᠤᠯ ᠤᠨ ᠲᠦᠪ ᠤᠨ ᠭᠤᠤᠯ ᠲᠣᠭᠤᠷᠢᠭ ᠤᠨ ᠰᠣᠶᠣᠯ ᠠᠮᠢ ᠠᠬᠤᠶ ᠶᠢᠨ ᠵᠢᠭᠤᠯᠴᠢᠯᠠᠯ ᠤᠨ ᠣᠷᠣᠨ᠂ ᠤᠯᠠᠭᠠᠨ ᠤᠲᠠᠢ᠂ ᠤᠯᠠᠭᠠᠢ ᠭᠤᠤᠯ ᠵᠡᠷᠭᠡ 43 ᠵᠢᠭᠤᠯᠴᠢᠯᠡᠯ ᠤᠨ ᠦᠵᠡᠮᠵᠢ ᠶᠢᠨ ᠤᠷᠤᠨ ᠢ ᠬᠤᠯᠪᠤᠵᠤ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠤᠨ ᠬᠡᠪᠴᠢᠶᠡᠨ ᠳᠠᠬᠢ ᠲᠠᠯ᠎ᠠ ᠨᠤᠲᠤᠭ ᠤᠨ ᠵᠢᠭᠤᠯᠴᠢᠯᠠᠯ ᠢᠶᠠᠷ ᠭᠤᠣᠯ ᠰᠡᠳᠦᠪ ᠪᠣᠯᠭᠠᠭᠰᠠᠨ ᠬᠠᠮᠤᠭ ᠤᠨ ᠤᠷᠲᠤ ᠵᠠᠮ ᠱᠤᠭᠤᠮ ᠤᠨ ᠦᠢᠯᠡᠳᠬᠦᠨ ᠪᠣᠯᠤᠨ᠎ᠠ᠃    ᠬᠥᠬᠡᠬᠤᠲᠠ — ᠤᠯᠠᠭᠠᠨᠬᠤᠲᠠ ᠶᠢᠨ ᠬᠤᠪᠢᠰᠬᠠᠯ ᠤᠨ ᠵᠢᠭᠤᠯᠴᠢᠯᠠᠯ ᠤᠨ ᠠᠭᠠᠷ ᠠᠶᠠᠯᠠᠯ ᠤᠨ ᠱᠤᠭᠤᠮ 2019 ᠣᠨ ᠤ 7 ᠰᠠᠷ᠎ᠠ ᠶᠢᠨ 26 ᠤ ᠡᠳᠦᠷ ᠨᠡᠪᠲᠡᠷᠡᠵᠦ᠂ ᠲᠢᠶᠠᠨ ᠵᠢᠶᠤᠤ ᠠᠭᠠᠷ ᠠᠶᠠᠯᠠᠯ ᠤᠨ ᠺᠣᠮᠫᠠᠨᠢ ᠶᠢᠨ ᠨᠡᠪᠲᠡᠷᠡᠭᠦᠯᠦᠭᠰᠡᠨ ᠠᠩᠬᠠᠳᠠᠭᠴᠢ ᠠᠭᠠᠷ ᠠᠶᠠᠯᠠᠯ ᠤᠨ ᠱᠤᠭᠤᠮ ᠪᠣᠯᠬᠤ ᠪᠥᠭᠡᠳ ᠠᠩᠬᠠᠳᠠᠭᠴᠢ ᠬᠤᠪᠢᠰᠬᠠᠯ ᠤᠨ ᠠᠶᠠᠯᠠᠯ ᠤᠨ ᠱᠤᠭᠤᠮ ᠪᠣᠯᠤᠨ᠎ᠠ᠂ 2021 ᠣᠨ ᠤ 4 ᠰᠠᠷ᠎ᠠ ᠳᠤ ᠲᠢᠶᠠᠨ ᠵᠢᠶᠤᠤ ᠠᠭᠠᠷ ᠠᠶᠠᠯᠠᠯ ᠤᠨ ᠺᠤᠮᠫᠠᠨᠢ ᠪᠣᠯᠤᠨ ᠬᠢᠩᠭᠠᠨ ᠠᠶᠢᠮᠠᠭ ᠭᠦᠨᠵᠡᠭᠡᠢ ᠬᠠᠮᠲᠤᠷᠠᠯᠴᠠᠵᠤ᠂ ᠬᠤᠪᠢᠰᠬᠠᠯ ᠤᠨ ᠰᠤᠳᠤᠯᠤᠨ ᠰᠤᠷᠤᠯᠴᠠᠬᠤ ᠲᠦᠷᠦᠯ ᠵᠦᠢᠯ ᠢ ᠭᠠᠷᠭᠠᠪᠠ᠃ ᠲᠣᠰ ᠲᠥᠷᠥᠯ ᠵᠦᠢᠯ ᠨᠢ ᠲᠢᠶᠠᠨ ᠵᠢᠶᠤᠤ ᠠᠭᠠᠷ ᠠᠶᠠᠯᠠᠯ ᠤᠨ ︽ᠬᠢᠩᠭᠠᠨ ᠨᠡᠷᠡᠮᠵᠢᠲᠦ︾ ᠬᠤᠪᠢᠰᠬᠠᠯ ᠤᠨ ᠭᠤᠤᠯ ᠰᠡᠳᠦᠪᠲᠦ ᠨᠡᠷ᠎ᠡ ᠬᠠᠳᠠᠭᠰᠠᠨ ᠨᠢᠰᠭᠡᠯ ᠢᠶᠠᠷ ᠭᠠᠷᠳᠠᠴᠠ ᠪᠤᠯᠭᠠᠨ᠂ ᠬᠥᠬᠡᠬᠤᠲᠠ — ᠤᠯᠠᠭᠠᠨᠬᠤᠲᠠ ᠶᠢᠨ ᠬᠤᠪᠢᠰᠬᠠᠯ ᠤᠨ ᠵᠢᠭᠤᠯᠴᠢᠯᠠᠯ ᠤᠨ ᠰᠣᠳᠣᠨ ᠠᠶᠠᠯᠠᠯ ᠤᠨ ᠱᠤᠭᠤᠮ ᠢᠶᠠᠷ ᠲᠦᠰᠢᠭ ᠪᠣᠯᠭᠠᠵᠤ᠂ ᠬᠤᠪᠢᠰᠬᠠᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠪᠠᠷ ᠳᠠᠮᠵᠢᠨ ︽ᠬᠢᠩᠭᠠᠨ ᠨᠡᠷᠡᠮᠵᠢᠲᠦ︾ ᠤᠬᠠᠭᠤᠯᠭ᠎ᠠ ᠶᠢᠨ ᠲᠠᠪᠴᠠᠩ ᠢ ᠪᠠᠶᠢᠭᠤᠯᠪᠠ᠃ ᠪᠠᠰᠠ ᠬᠤᠪᠢᠰᠬᠠᠯ ᠤᠨ ᠰᠤᠳᠤᠯᠤᠯ ᠤᠨ ᠬᠢᠴᠢᠶᠡᠯ ᠵᠢᠴᠢ ᠬᠤᠪᠢᠰᠬᠠᠯ ᠤᠨ ᠵᠢᠭᠤᠯᠴᠢᠯᠠᠯ ᠤᠨ ᠳᠡᠯᠭᠡᠷᠡᠭᠦᠯᠦᠯᠲᠡ ᠵᠡᠷᠭᠡ ᠠᠷᠭ᠎ᠠ ᠬᠡᠯᠪᠡᠷᠢ ᠪᠠᠷ ᠲᠠᠮᠵᠢᠨ ᠬᠢᠩᠭᠠᠨ ᠠᠶᠢᠮᠠᠭ ᠢ ᠪᠥᠬᠦ ᠤᠯᠤᠰ ᠲᠤ ᠬᠠᠨᠳᠤᠭᠤᠯᠤᠭᠰᠠᠨ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ ᠤᠨ ᠨᠠᠷᠠᠳᠤ ᠰᠠᠭᠤᠷᠢᠨ ᠪᠣᠯᠭᠠᠨ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠵᠤ᠂ ᠬᠤᠪᠢᠰᠬᠠᠯ ᠤᠨ ᠬᠥᠮᠦᠵᠢᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠢᠶᠠᠷ ᠬᠢᠩᠭᠠᠨ ᠠᠶᠢᠮᠠᠭ ᠤᠨ ᠵᠢᠭᠤᠯᠴᠢᠯᠠᠯ ᠤᠨ ᠰᠣᠶᠣᠯ ᠤᠨ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号