ᠮᠠᠨ ᠤ ᠤᠷᠤᠨ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠳᠠ ᠶᠢᠨ ᠵᠠᠭᠪᠤᠷ ᠢ ︽ᠳᠥᠭᠦᠮ ᠪᠦᠳᠦᠭᠦᠯᠢᠭ︾ ᠠᠴᠠ ︽ᠠᠷᠪᠢᠲᠠᠶ ᠡᠷᠴᠢᠮᠯᠢᠭ︾ ᠪᠣᠯᠭᠠᠨ ᠬᠤᠪᠢᠷᠠᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/11/19
    ︽ᠪᠢᠳᠡ ᠠᠮᠢ ᠠᠬᠤᠢ ᠶᠢ ᠣᠷᠢᠳᠡᠪᠡᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠨ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠠᠭᠤᠷᠬᠠᠢ ᠶᠢᠨ ᠭᠠᠷᠤᠯᠲᠠ ᠪᠤᠯᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠤ ᠂ ᠲᠥᠯᠥᠪᠵᠢᠭᠦᠯᠭᠡ ᠪᠠᠷ ᠬᠦᠲᠦᠯᠦᠨ ᠳᠠᠭᠠᠭᠤᠯᠵᠤ ᠲᠦᠷᠦ ᠶᠢᠨ ᠪᠤᠳᠤᠯᠭ᠎ᠠ ᠪᠠᠷ ᠲᠤᠯᠭᠠᠭᠤᠷᠢᠯᠠᠬᠤ ᠶᠢ ᠪᠠᠷᠢᠮᠲᠠᠯᠠᠨ᠂ ᠡᠨᠧᠷᠭᠢ ᠶᠢᠨ ᠡᠬᠢ ᠪᠠᠶᠠᠯᠢᠭ ᠤᠨ ᠠᠰᠢᠬᠯᠠᠯᠳᠠ ᠶᠢᠨ ᠵᠠᠭᠪᠤᠷ ᠢ ︿ᠳᠥᠭᠦᠮ ᠪᠦᠳᠦᠭᠦᠯᠢᠭ﹀ ᠠᠴᠠ ︿ᠠᠷᠪᠢᠲᠠᠢ ᠡᠷᠴᠢᠮᠯᠢᠭ﹀ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ︾ ᠭᠡᠵᠦ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠵᠠᠩ ᠵᠢᠩ ᠳ᠋ᠠ ᠬᠡᠯᠡᠨ᠎ᠠ᠃    ᠡᠨᠧᠷᠭᠢ ᠶᠢᠨ ᠡᠬᠢ ᠪᠠᠶᠠᠯᠢᠭ ᠪᠣᠯ ᠴᠢᠨᠠᠷ ᠰᠠᠶᠢᠲᠠᠶ ᠬᠥᠭᠵᠢᠯᠲᠡ ᠶᠢᠨ ᠪᠣᠳᠠᠰ ᠤᠨ ᠰᠠᠭᠤᠷᠢ ᠪᠠ ᠡᠨᠧᠷᠭᠢ ᠶᠢᠨ ᠢᠷᠡᠯᠲᠡ ᠮᠥᠨ᠂ ᠭᠡᠪᠡᠴᠦ ᠡᠨᠧᠷᠭᠢ ᠶᠢᠨ ᠡᠬᠢ ᠪᠠᠶᠠᠯᠢᠭ ᠬᠢᠵᠠᠭᠠᠷ ᠲᠠᠢ ᠪᠤᠯᠬᠤᠷ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠴᠢᠬᠤᠯᠠᠳᠠᠢ᠃ ᠮᠠᠨ ᠤ ᠣᠷᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠲᠣᠭᠤᠷᠢᠨ ᠳᠤ ᠬᠡᠷᠬᠢᠨ ᠡᠨᠧᠷᠭᠢ ᠶᠢᠨ ᠡᠬᠢ ᠪᠠᠶᠠᠯᠢᠭ ᠤᠨ ᠠᠰᠢᠬᠯᠠᠯᠳᠠ ᠶᠢᠨ ᠵᠠᠭᠪᠤᠷ ᠢ ᠬᠤᠪᠢᠷᠠᠭᠤᠯᠤᠨ ᠰᠢᠯᠢᠳᠡᠭᠵᠢᠭᠦᠯᠵᠦ᠂ ᠡᠨᠧᠷᠭᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠦ ᠪᠠᠶᠢᠭ᠎ᠠ ᠪᠤᠯ︖ ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠤᠨ ᠲᠦᠷᠦᠭᠦᠬᠡᠨ ᠬᠤᠷᠠᠯᠳᠤᠭᠤᠯᠤᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠮᠠᠨ ᠤ ᠣᠷᠣᠨ ︽ᠲᠥᠷᠥᠯ ᠵᠦᠢᠯ ᠨᠢ ᠲᠥᠯᠥᠪᠵᠢᠭᠦᠯᠭᠡ ᠶᠢ ᠳᠠᠭᠠᠬᠤ᠂ ᠡᠬᠢ ᠪᠠᠶᠠᠯᠢᠭ ᠤᠨ ᠡᠯᠧᠮᠧᠨ᠋ᠲ ᠨᠢ ᠲᠥᠷᠥᠯ ᠵᠦᠢᠯ ᠢ ᠳᠠᠭᠠᠬᠤ︾ ᠶᠢ ᠪᠠᠷᠢᠮᠳᠠᠯᠠᠨ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠲᠦᠷᠬᠡᠨ ᠪᠠᠶᠢᠭᠤᠯᠵᠤ᠂ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠲᠥᠷᠥᠯ ᠵᠦᠢᠯ ᠤᠨ ᠭᠠᠵᠠᠷ ᠬᠡᠷᠡᠭᠯᠡᠬᠦ ᠪᠠᠶᠢᠷᠢᠰᠢᠭᠤᠯᠤᠯᠳᠠ ᠵᠢᠴᠢ ᠬᠡᠪᠴᠢᠶ᠎ᠡ ᠶᠢ ᠠᠶᠢᠮᠠᠭ ᠬᠤᠲᠠ ᠪᠠ ᠬᠤᠰᠢᠭᠤ ᠰᠢᠶᠠᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠳᠤ ᠨᠢᠭᠡᠳᠦᠯᠲᠡᠶ ᠲᠥᠯᠥᠪᠵᠢᠬᠦᠯᠦᠨ ᠣᠷᠣᠭᠤᠯᠬᠤ ᠪᠠᠷ ᠪᠤᠢ᠃    ᠮᠠᠨ ᠤ ᠣᠷᠣᠨ ᠳᠥᠷᠪᠡᠳᠦᠭᠡᠷ ᠡᠭᠡᠯᠵᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢ ᠡᠬᠢᠯᠡᠭᠦᠯᠤᠨ ᠨᠡᠭᠦᠷᠡᠰᠦ᠂ ᠬᠤᠪᠣᠷ ᠰᠢᠷᠣᠶ ᠵᠡᠷᠭᠡ 16 ᠵᠦᠢᠯ ᠤᠨ ᠡᠨᠧᠷᠭᠢ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠲᠤᠭᠳᠠᠭᠤᠨ ᠢᠶᠠᠷ ᠠᠬᠢᠭᠤᠯᠬᠤ ᠪᠣᠯᠤᠨ᠎ᠠ᠃ ︽ᠨᠥᠭᠡᠴᠡ ᠪᠠᠨ ᠨᠡᠮᠡᠭᠳᠡᠭᠦᠯᠦᠨ ᠭᠠᠷᠤᠯᠲᠠ ᠪᠠᠨ ᠨᠡᠮᠡᠭᠳᠡᠭᠦᠯᠬᠦ᠂ ᠡᠮᠬᠢᠯᠡᠨ ᠨᠡᠶᠢᠯᠡᠭᠦᠯᠵᠦ ᠠᠰᠢᠭᠯᠠᠬᠤ᠂ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ︾ ᠰᠢᠨ᠎ᠡ ᠠᠷᠭ᠎ᠠ ᠬᠡᠮᠵᠢᠶ᠎ᠡ ᠶᠢ ᠲᠤᠭᠳᠠᠭᠠᠨ ᠬᠡᠷᠡᠭᠵᠢᠬᠦᠯᠵᠤ᠂ ᠬᠡᠰᠡᠭ ᠠᠭᠤᠷᠬᠠᠶ ᠶᠢᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠨᠠᠭᠠᠳᠦ ᠵᠠᠬ᠎ᠠ ᠶᠢᠨ ᠦᠢᠯᠡᠳᠪᠦᠷᠢᠯᠡᠬᠦ ᠬᠡᠪᠴᠢᠶ᠎ᠡ ᠳᠤ ᠦᠯᠦ ᠨᠡᠶᠢᠴᠡᠬᠦ ᠵᠢᠴᠢ ᠡᠨᠧᠷᠭᠢ ᠠᠭᠤᠷᠬᠠᠶ ᠶᠢᠨ ᠭᠠᠷᠤᠯᠲᠠ ᠶᠢᠨ ᠨᠡᠭᠡᠭᠡᠨ ᠠᠰᠢᠬᠯᠠᠯᠳᠠ ᠨᠢ ︽ᠵᠢᠵᠢᠭ ᠲᠠᠷᠠᠬᠠᠶ ᠪᠤᠳᠠᠷᠬᠠᠢ ᠡᠮᠬᠢ ᠵᠢᠷᠦᠮ ᠦᠭᠡᠶ︾ ᠪᠠᠶᠢᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠨᠡᠭᠦᠷᠡᠰᠦᠨ ᠠᠭᠤᠷᠬᠠᠢ ᠶᠢᠨ ᠦᠯᠡᠳᠡᠭᠳᠡᠯ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ ᠶᠢ ᠪᠦᠬᠦ ᠲᠠᠯ᠎ᠠ ᠪᠠᠷ ᠠᠬᠢᠭᠤᠯᠤᠨ᠂ ᠡᠬᠢ ᠪᠠᠶᠠᠯᠢᠭ ᠢ ᠵᠤᠬᠢᠬᠤ ᠬᠡᠪᠴᠢᠶ᠎ᠠ ᠲᠠᠢ ᠪᠠᠷ ᠨᠡᠭᠡᠭᠡᠨ ᠠᠰᠢᠬᠯᠠᠬᠤ ᠶᠢ ᠪᠡᠶᠡᠯᠡᠭᠦᠯᠵᠦ᠂ ᠠᠭᠤᠷᠬᠠᠢ ᠶᠢᠨ ᠬᠤᠳᠳᠤᠭ ᠨᠢᠬᠡᠪᠦᠷᠢ ᠶᠢᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠤᠨ᠎ᠠ᠃ ᠨᠢᠬᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠳᠠ ᠶᠢᠨ ᠳᠠᠭᠠᠯᠳᠤᠨ ᠣᠷᠣᠰᠢᠬᠤ ᠡᠬᠢ ᠪᠠᠶᠠᠯᠢᠭ ᠪᠠ ᠴᠢᠨᠠᠷ ᠨᠢ ᠪᠠᠷᠤᠭᠳᠠᠢ ᠡᠬᠢ ᠪᠠᠶᠠᠯᠢᠭ ᠢ ᠳᠠᠬᠢᠨ ᠦᠨᠡᠯᠡᠵᠦ᠂ ᠨᠡᠭᠦᠷᠡᠰᠦ ᠶᠢ ᠳᠠᠭᠠᠯᠳᠤᠨ ᠤᠷᠤᠰᠢᠬᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠨ ᠪᠠᠶᠢᠭᠤᠯᠬᠤ ᠪᠠᠷ ᠪᠤᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号