ᠬᠤᠶᠠᠷᠬᠤᠳᠳᠤᠭ ᠤᠨ ᠬᠦᠳᠡᠭᠡ ᠨᠡᠬᠦᠷᠡᠰᠦᠨ ᠲᠣᠯᠠᠭᠠᠯᠠᠭ᠎ᠠ ᠶᠢ ᠴᠠᠬᠢᠯᠭᠠᠨ ᠲᠣᠯᠠᠭᠠᠯᠠᠭ᠎ᠠ ᠪᠣᠯᠭᠠᠨ ᠥᠭᠡᠷᠡᠴᠢᠯᠡᠵᠦ ᠤᠯᠠᠨ ᠲᠦᠮᠡᠨ ᠤ ᠴᠡᠪᠡᠷ ᠲᠤᠬᠢᠯᠢᠭ ᠡᠪᠦᠯᠵᠢᠬᠦ ᠳᠤ ᠪᠠᠲᠤᠯᠠᠭ᠎ᠠ ᠬᠠᠩᠭᠠᠯ᠎ᠠ
ᠨᠡᠶᠢᠲᠡᠯᠡᠭᠰᠡᠨ ᠴᠠᠭ᠄
2024/11/20
     ᠳᠦᠷᠦᠬᠦᠭᠡᠨ᠂ ᠠᠯᠠᠱᠠ ᠵᠡᠬᠦᠨ ᠬᠤᠰᠢᠭᠤᠨ ᠤ ᠲᠡᠭᠷᠢ ᠡᠯᠡᠰᠦ ᠪᠠᠯᠭᠠᠰᠤᠨ ᠤ ᠴᠠᠯᠠᠭᠠᠷ ᠭᠠᠴᠠᠭᠠᠨ ᠤ ᠮᠠᠯᠴᠢᠨ ᠬᠤᠸᠠᠩ ᠪᠠᠶᠠᠨᠰᠦ᠋ᠮᠪᠦᠷ ᠤᠨ ᠭᠡᠷ ᠲᠤ ᠠᠵᠢᠯᠳᠠᠳ ᠴᠠᠬᠢᠯᠭᠠᠨ ᠤᠲᠠᠰᠤ ᠲᠠᠲᠠᠵᠤ᠂ ᠳᠤᠯᠠᠭᠠᠯᠠᠭ᠎ᠠ ᠶᠢᠨ ᠲᠥᠬᠦᠭᠡᠷᠦᠮᠵᠢ ᠤᠭᠰᠠᠷᠠᠨ ᠶᠠᠭᠠᠷᠠᠯᠳᠤᠵᠤ ᠪᠠᠶᠢᠯ᠎ᠠ᠃ ᠡᠪᠦᠯ ᠪᠣᠯᠬᠤ ᠪᠦᠷᠢ ᠬᠤᠸᠠᠩ ᠪᠠᠶᠠᠨᠰᠦ᠋ᠮᠪᠦᠷ ᠤᠨ ᠬᠢ ᠵᠤᠤᠬ᠎ᠠ ᠪᠠᠨ ᠨᠣᠴᠣᠭᠠᠵᠤ ᠲᠤᠯᠠᠭᠠᠯᠠᠭ᠎ᠠ ᠬᠢᠳᠡᠭ᠂ ᠡᠨᠡ ᠨᠢ ᠠᠮᠢᠳᠤᠷᠠᠯ ᠤᠨ ᠵᠠᠷᠤᠳᠠᠯ ᠢ ᠨᠡᠮᠡᠭᠳᠡᠬᠦᠯᠳᠡᠭ ᠢᠶᠠᠷ ᠪᠠᠷᠠᠬᠤ ᠦᠭᠡᠢ ᠪᠠᠰᠠ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠳᠠᠭ᠃ ︽ᠮᠠᠨᠠᠶᠢᠬᠢᠨ ᠡᠨᠡ ᠲᠦᠬᠦᠬᠡᠷᠦᠮᠵᠢ ᠶᠢ ᠣᠭᠰᠠᠷᠠᠪᠠᠯ᠂ ᠡᠨᠡ ᠡᠪᠦᠯ ᠳᠠᠬᠢᠵᠤ ᠵᠤᠤᠬ᠎ᠠ ᠰᠢᠲᠠᠭᠠᠬᠤ ᠶᠠᠪᠣᠳᠠᠯ ᠦᠭᠡᠢ ᠪᠣᠯᠵᠡᠢ᠂ ᠡᠨᠡ ᠨᠢ ᠳᠣᠯᠠᠭᠠᠬᠠᠨ ᠮᠦᠷᠳᠡᠭᠡᠨ ᠵᠤᠭᠤᠰ ᠮᠦᠩᠬᠦᠨ ᠳᠤ ᠠᠷᠪᠢᠳᠠᠢ᠂ ᠠᠵᠢᠯ ᠴᠦᠭᠡᠨ ᠳᠡᠭᠡᠷ᠎ᠠ ᠪᠠᠨ ᠠᠮᠤᠷ ᠲᠦᠪᠰᠢᠨ ᠪᠣᠯᠣᠭᠰᠠᠨ ᠰᠢᠣ︾ ᠭᠡᠵᠦ ᠬᠤᠸᠠᠩ ᠪᠠᠶᠠᠨᠰᠦ᠋ᠮᠪᠦᠷ ᠶᠠᠷᠢᠨ᠎ᠠ᠃ ᠲᠡᠬᠦᠨ ᠤ ᠶᠠᠷᠢᠵᠣ ᠪᠠᠶᠢᠭ᠎ᠠ ᠴᠠᠬᠢᠯᠭᠠᠨ ᠲᠣᠯᠠᠭᠠᠯᠠᠭ᠎ᠠ ᠶᠢᠨ ᠲᠣᠨᠤᠭ ᠲᠥᠬᠦᠭᠡᠷᠦᠮᠵᠢ ᠪᠣᠯ ᠠᠭᠠᠷ ᠤᠨ ᠰᠤᠷᠪᠤᠯᠵᠢ ᠢᠯᠴᠢ ᠶᠢᠨ ᠬᠥᠭᠡᠷᠭᠡ ᠪᠠᠷ ᠳᠤᠯᠠᠭᠠᠯᠠᠬᠤ ᠲᠥᠬᠦᠭᠡᠷᠦᠮᠵᠢ ᠪᠣᠯᠣᠨ᠎ᠠ᠃ ᠲᠤᠰ ᠲᠥᠬᠦᠭᠡᠷᠦᠮᠵᠢ ᠨᠢ ᠭᠠᠵᠠᠷ ᠪᠣᠯᠭᠠᠨ ᠳᠤ ᠪᠠᠶᠢᠳᠠᠭ ᠠᠭᠠᠷ ᠳᠣᠲᠣᠷᠠᠬᠢ ᠡᠨᠧᠷᠭᠢ ᠪᠠᠷ ᠭᠤᠣᠯ ᠬᠥᠳᠡᠯᠭᠡᠭᠴᠢ ᠬᠦᠴᠦᠨ ᠪᠣᠯᠭᠠᠳᠠᠭ᠃ ᠪᠠᠭ᠎ᠠ ᠬᠡᠮᠵᠢᠶᠡᠨ ᠤ ᠴᠠᠬᠢᠯᠭᠠᠨ ᠡᠨᠧᠷᠭᠢ ᠪᠠᠷ ᠠᠪᠴᠢᠭᠤᠯᠬᠤ ᠮᠠᠰᠢᠨ ᠢ ᠬᠥᠳᠡᠯᠭᠡᠵᠦ᠂ ᠡᠨᠧᠷᠭᠢ ᠶᠢᠨ ᠰᠢᠯᠵᠢᠯᠲᠡ ᠶᠢ ᠪᠡᠶᠡᠯᠡᠭᠦᠯᠵᠦ᠂ ᠤᠯᠠᠮᠵᠢᠯᠠᠯᠲᠤ ᠳᠤᠯᠠᠭᠠᠯᠠᠭ᠎ᠠ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠳᠤ ᠠᠪᠴᠢᠷᠠᠵᠤ ᠥᠭᠬᠦ ᠶᠡᠭᠡ ᠬᠡᠮᠵᠢᠶᠡᠨ ᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠠᠭᠠᠵᠢᠮ ᠢᠶᠠᠷ ᠪᠠᠭᠠᠰᠬᠠᠵᠤ᠂ ᠳᠤᠯᠠᠭᠠᠯᠠᠭ᠎ᠠ ᠶᠢᠨ ᠦᠢᠯᠡᠳᠦᠯ ᠢ ᠪᠠᠲᠤᠯᠠᠬᠤ ᠶᠢᠨ ᠬᠠᠮᠲᠤ ᠡᠨᠧᠷᠭᠢ ᠠᠷᠪᠢᠯᠠᠵᠤ᠂ ᠣᠷᠴᠢᠨ ᠲᠣᠭᠤᠷᠢᠨ ᠢ ᠬᠠᠮᠠᠭᠠᠯᠠᠬᠤ ᠵᠣᠷᠢᠯᠭ᠎ᠠ ᠶᠢ ᠪᠡᠶᠡᠯᠡᠭᠦᠯᠵᠦ᠂ ᠬᠡᠷᠡᠭᠯᠡᠬᠦ ᠳᠤ ᠬᠢᠯᠪᠡᠷ᠂ ᠳᠤᠯᠠᠭᠠᠯᠠᠭ᠎ᠠ ᠶᠢᠨ ᠦᠷ᠎ᠡ ᠠᠰᠢᠭ ᠢᠶᠠᠷ ᠰᠠᠶᠢᠨ᠂ ᠠᠮᠤᠷ ᠲᠦᠪᠰᠢᠨ᠂ ᠴᠡᠪᠡᠷ ᠵᠡᠷᠭᠡ ᠤᠯᠠᠨ ᠲᠠᠯ᠎ᠠ ᠶᠢᠨ ᠳᠠᠪᠠᠭᠤᠯᠢᠭ ᠲᠠᠢ ᠪᠠᠶᠢᠳᠠᠭ᠃    ᠨᠠᠬᠦᠷᠡᠰᠦᠨ ᠵᠤᠤᠬ᠎ᠠ ᠶᠢᠨ ᠲᠣᠯᠠᠭᠠᠯᠠᠭ᠎ᠠ ᠨᠢ ᠣᠭ ᠲᠠᠭᠠᠨ ᠬᠦᠳᠡᠭᠡ ᠲᠤᠰᠬᠤᠨ᠂ ᠮᠠᠯᠵᠢᠬᠤ ᠤᠷᠤᠨ ᠳᠤ ᠬᠠᠮᠤᠭ ᠤᠨ ᠲᠤᠬᠢᠷᠠᠮᠵᠢᠳᠠᠢ ᠲᠣᠯᠠᠭᠠᠯᠠᠭ᠎ᠠ ᠶᠢᠨ ᠠᠷᠭ᠎ᠠ ᠬᠡᠯᠪᠡᠷᠢ ᠪᠠᠶᠢᠵᠡᠢ᠃ ᠨᠡᠶᠢᠬᠡᠮ ᠤᠨ ᠬᠦᠭᠵᠢᠯᠳᠡ ᠲᠠᠪᠰᠢᠯᠳᠠ ᠶᠢ ᠲᠠᠭᠠᠯᠳᠤᠨ ᠬᠦᠮᠦᠰ ᠤᠨ ᠠᠮᠢᠳᠤᠷᠠᠯ ᠤᠨ ᠬᠢᠷᠢ ᠲᠦᠪᠰᠢᠨ ᠴᠤ ᠲᠡᠭᠡᠭᠰᠢᠯᠡᠵᠦ᠂ ᠨᠡᠬᠦᠷᠡᠰᠦᠨ ᠲᠣᠯᠠᠭᠠᠯᠠᠭ᠎ᠠ ᠨᠢ ᠣᠳᠣ ᠪᠣᠯᠬᠤ ᠳᠤ ᠤᠯᠠᠨ ᠲᠦᠮᠡᠨ ᠤ ᠲᠣᠯᠠᠭᠠᠯᠠᠭ᠎ᠠ ᠶᠢᠨ ᠬᠡᠷᠡᠭᠴᠡᠭᠡ ᠶᠢ ᠬᠠᠩᠭᠠᠵᠦ ᠴᠢᠳᠠᠬᠤ ᠪᠠᠨ ᠪᠤᠯᠢᠵᠡᠢ᠃ ᠬᠦᠳᠡᠭᠡ ᠲᠤᠰᠬᠤᠨ ᠤ ᠮᠠᠯᠴᠢᠨ ᠲᠠᠷᠢᠶᠠᠴᠢᠨ ᠴᠤ ᠴᠡᠪᠡᠷ ᠲᠤᠬᠢᠯᠢᠭ ᠲᠣᠯᠠᠭᠠᠯᠠᠭ᠎ᠠ ᠱᠠᠭᠠᠷᠳᠠᠬᠤ ᠪᠤᠯᠤᠭᠰᠠᠨ ᠨᠢ ᠬᠦᠮᠦᠰ ᠤᠨ ᠠᠮᠢᠳᠤᠷᠠᠯ ᠡᠳᠦᠷ ᠢᠷᠡᠬᠦᠶ᠎ᠡ ᠰᠠᠶᠢᠵᠢᠷᠠᠭᠰᠠᠨ ᠤ ᠵᠢᠱᠢᠶ᠎ᠡ ᠶᠤᠮ᠃    ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠨᠢ ᠬᠦᠳᠡᠭᠡ ᠲᠤᠰᠬᠤᠨ ᠳᠤ ᠲᠠᠷᠬᠠᠨ ᠰᠠᠭᠤᠷᠢᠰᠢᠭᠰᠠᠨ ᠮᠠᠯᠴᠢᠨ ᠲᠠᠷᠢᠶᠠᠴᠢᠳ ᠲᠤ ᠡᠨᠡ ᠬᠦ ᠰᠢᠨ᠎ᠡ ᠮᠠᠶ᠋ᠢᠭ ᠤᠨ ᠳᠤᠯᠠᠭᠠᠯᠠᠭ᠎ᠠ ᠶᠢᠨ ᠨᠥᠬᠦᠴᠡᠯ ᠢ ᠬᠠᠨᠭ᠍ᠭᠠᠬᠤ ᠶᠢᠨ ᠲᠥᠯᠥᠭᠡ᠂ ᠤᠬᠠᠭᠤᠯᠭ᠎ᠠ ᠪᠠ ᠳᠠᠶᠢᠴᠢᠯᠠᠯᠲᠠ ᠪᠠᠨ ᠴᠢᠩᠭᠠᠳᠬᠠᠵᠤ᠂ ᠮᠠᠯᠴᠢᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ᠂ ᠮᠠᠯᠵᠢᠬᠤ ᠲᠠᠷᠢᠶᠠᠯᠠᠬᠤ ᠡᠷᠦᠬᠡ ᠶᠢᠨ ᠭᠡᠷ ᠪᠠᠶᠢᠰᠢᠩ ᠤᠨ ᠪᠦᠲᠦᠴᠡ ᠶᠢ ᠦᠨᠳᠦᠰᠦᠯᠡᠨ᠂ ᠴᠠᠬᠢᠯᠭᠠᠨ ᠲᠣᠣᠷ ᠢ ᠳᠡᠰ ᠳᠡᠪᠰᠢᠬᠦᠯᠬᠦ ᠥᠭᠡᠷᠡᠴᠢᠯᠡᠯᠲᠡ ᠶᠢ ᠲᠦᠷᠭᠡᠳᠭᠡᠵᠦ᠂ ᠰᠢᠨ᠎ᠡ ᠳᠤᠯᠠᠭᠠᠯᠠᠭ᠎ᠠ ᠶᠢᠨ ᠲᠦᠬᠦᠬᠡᠷᠦᠮᠵᠢ ᠶᠢᠨ ᠦᠷ᠎ᠡ ᠠᠰᠢᠭ ᠢ ᠨᠡᠩ ᠤᠯᠠᠨ ᠬᠦᠮᠦᠰ ᠲᠤ ᠬᠠᠩᠭᠠᠬᠤ ᠪᠠᠷ ᠬᠦᠴᠦᠯᠡᠪᠡ᠃ ᠡᠨᠡ ᠵᠢᠯ᠂ ᠵᠢᠱᠢᠶ᠎ᠡ ᠦᠵᠡᠭᠦᠯᠬᠦ ᠣᠷᠣᠨ 320 ᠡᠷᠦᠬᠡ ᠳᠤ ᠴᠠᠬᠢᠯᠭᠠᠨ ᠲᠣᠯᠠᠭᠠᠯᠠᠭ᠎ᠠ ᠶᠢᠨ ᠲᠦᠬᠦᠬᠡᠷᠦᠮᠵᠢ ᠶᠢ ᠤᠭᠰᠠᠷᠠᠨ᠂ ︽ᠨᠡᠬᠦᠷᠡᠰᠦᠨ ᠲᠣᠯᠠᠭᠠᠯᠠᠭ᠎ᠠ ᠶᠢ ᠴᠠᠬᠢᠯᠭᠠᠨ ᠲᠣᠯᠠᠭᠠᠯᠠᠭ᠎ᠠ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠪᠡᠶᠡᠯᠡᠬᠦᠯᠬᠦ ᠶᠢᠨ ᠬᠠᠮᠳᠤ᠂ 3.4 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠭᠠᠵᠠᠷ ᠤᠷᠤᠨ ᠤ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠡᠢ᠃ ︽ᠨᠡᠬᠦᠷᠡᠰᠦᠨ ᠲᠣᠯᠠᠭᠠᠯᠠᠭ᠎ᠠ ᠶᠢ ᠴᠠᠬᠢᠯᠭᠠᠨ ᠲᠣᠯᠠᠭᠠᠯᠠᠭ᠎ᠠ ᠪᠣᠯᠭᠠᠨ ᠥᠭᠡᠷᠡᠴᠢᠯᠡᠬᠦ︾ ᠢᠨᠵᠧᠨᠧᠷᠢᠩ ᠨᠢ ᠠᠷᠠᠳ ᠤᠨ ᠠᠮᠢᠳᠤᠷᠠᠯ ᠳᠤ ᠨᠢᠭᠳᠠ ᠬᠤᠯᠪᠤᠭᠳᠠᠬᠤ ᠲᠦᠷᠦᠯ ᠵᠦᠢᠯ ᠪᠣᠯᠤᠭᠰᠠᠨ ᠤ ᠬᠤᠪᠢ ᠳᠤ᠂ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠠᠮᠢᠳᠣᠷᠠᠯ ᠤᠨ ᠠᠰᠠᠭᠤᠳᠠᠯ ᠪᠠ ᠲᠤᠬᠠᠢ ᠶᠢᠨ ᠭᠠᠵᠠᠷ ᠤᠷᠤᠨ ᠤ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠠᠰᠠᠭᠤᠳᠠᠯ ᠲᠠᠢ ᠬᠤᠯᠪᠣᠭᠳᠠᠵᠤ ᠪᠠᠶᠢᠳᠠᠭ᠃ ᠥᠪᠥᠷ ᠮᠣᠩᠭᠤᠯ ᠤᠨ ᠠᠯᠠᠱᠠ ᠶᠢᠨ ᠠᠮᠢ ᠠᠬᠤᠢ ᠣᠷᠴᠢᠨ ᠲᠣᠭᠤᠷᠢᠨ ᠤ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠶᠠᠩ ᠾᠧᠩ᠄ ︽ᠣᠳᠣᠬᠠᠨ ᠳᠤ᠂ ᠠᠭᠠᠷ ᠤᠨ ᠡᠨᠧᠷᠭᠢ ᠶᠢᠨ ᠢᠯᠴᠢ ᠶᠢᠨ ᠰᠤᠷᠪᠤᠯᠵᠢ ᠶᠢᠨ ᠬᠥᠭᠡᠷᠭᠡ ᠶᠢᠨ ᠲᠥᠬᠦᠭᠡᠷᠦᠮᠵᠢ ᠵᠠᠯᠭᠠᠭ᠎ᠠ ᠪᠠᠷ ᠮᠠᠯᠴᠢᠨ ᠲᠠᠷᠢᠶᠠᠴᠢᠳ ᠤᠨ ᠭᠠᠷ ᠲᠤ ᠬᠦᠷᠬᠡᠭᠳᠡᠵᠦ᠂ ᠨᠢᠬᠡᠨᠳᠡ 100 ᠭᠠᠷᠤᠢ ᠢᠵᠢ ᠲᠦᠬᠦᠬᠡᠷᠦᠮᠵᠢ ᠶᠢ ᠤᠭᠰᠠᠷᠠᠬᠤ ᠠᠵᠢᠯ ᠢ ᠪᠡᠶᠡᠯᠡᠭᠦᠯᠵᠡᠢ᠃ ᠪᠢᠳᠡ ︿ᠨᠡᠬᠦᠷᠡᠰᠦᠨ ᠲᠣᠯᠠᠭᠠᠯᠠᠭ᠎ᠠ ᠶᠢ ᠴᠠᠬᠢᠯᠭᠠᠨ ᠲᠣᠯᠠᠭᠠᠯᠠᠭ᠎ᠠ ᠪᠣᠯᠭᠠᠨ ᠥᠭᠡᠷᠡᠴᠢᠯᠡᠬᠦ﹀ ᠢᠨᠵᠧᠨᠧᠷᠢᠩ ᠤᠨ ᠮᠡᠷᠭᠡᠵᠢᠯ ᠤᠨ ᠱᠠᠭᠠᠷᠳᠠᠯᠭ᠎ᠠ ᠶᠤᠰᠤᠭᠠᠷ ᠬᠡᠳᠦᠨ ᠳᠤᠭᠤᠶᠢᠯᠠᠩ ᠬᠤᠪᠢᠶᠠᠨ ᠴᠠᠭ ᠢ ᠠᠮᠵᠢᠨ ᠤᠭᠰᠠᠷᠠᠵᠤ᠂ ᠮᠠᠯᠴᠢᠨ ᠲᠠᠷᠢᠶᠠᠴᠢᠨ ᠤ ᠳᠤᠯᠠᠭᠠᠨ ᠡᠪᠦᠯᠵᠢᠬᠦ ᠶᠢ ᠪᠠᠳᠤᠯᠠᠬᠤ ᠪᠠᠷ ᠬᠦᠴᠦᠯᠡᠨ ᠠᠵᠢᠯᠯᠠᠵᠦ ᠪᠠᠶᠢᠨ᠎ᠠ︾ ᠬᠡᠪᠡ᠃    ᠣᠶᠢᠷ᠎ᠠ ᠶᠢᠨ ᠵᠢᠯ ᠳᠤ᠂ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠨᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠠᠰᠤᠷᠠᠯᠳᠡ ᠦᠭᠡᠢ ᠴᠢᠩᠭᠠᠳᠬᠠᠵᠤ ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡ ᠶᠢᠨ ᠠᠰᠢᠭᠯᠠᠯᠳᠠ ᠶᠢ ᠴᠢᠩᠭᠠᠳᠬᠠᠵᠦ᠂ ︽ᠨᠡᠬᠦᠷᠡᠰᠦᠨ ᠲᠣᠯᠠᠭᠠᠯᠠᠭ᠎ᠠ ᠶᠢ ᠴᠠᠬᠢᠯᠭᠠᠨ ᠲᠣᠯᠠᠭᠠᠯᠠᠭ᠎ᠠ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠠᠷᠢᠭᠤᠨ ᠴᠡᠪᠡᠷ ᠳᠤᠯᠠᠭᠠᠯᠠᠭ᠎ᠠ ᠶᠢᠨ ᠠᠵᠢᠯ ᠢ ᠢᠳᠡᠪᠬᠢᠲᠡᠢ ᠠᠬᠢᠭᠤᠯᠤᠨ᠂ ᠤᠯᠠᠨ ᠲᠦᠮᠡᠨ ᠤ ᠳᠤᠯᠠᠭᠠᠯᠠᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠵᠤ᠂ ᠳᠤᠯᠠᠭᠠᠯᠠᠭ᠎ᠠ ᠶᠢᠨ ᠨᠥᠬᠦᠴᠡᠯ ᠢ ᠰᠠᠶᠢᠵᠢᠷᠠᠭᠤᠯᠤᠨ᠂ ᠠᠷᠠᠳ ᠤᠯᠠᠨ ᠳᠤ ︽ᠬᠡᠷᠡᠭᠯᠡᠵᠦ ᠳᠡᠶᠢᠯᠬᠦ︾ ᠲᠣᠯᠠᠭᠠᠯᠠᠭ᠎ᠠ ᠶᠢᠨ ᠨᠦᠬᠦᠴᠡᠯ ᠢ ᠬᠠᠩᠭᠠᠪᠠ᠃ 2019 ᠣᠨ ᠳᠤ ︽ᠨᠡᠬᠦᠷᠡᠰᠦᠨ ᠲᠣᠯᠠᠭᠠᠯᠠᠭ᠎ᠠ ᠶᠢ ᠴᠠᠬᠢᠯᠭᠠᠨ ᠲᠣᠯᠠᠭᠠᠯᠠᠭ᠎ᠠ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠭᠠᠰᠢ᠂ ᠨᠢᠭᠡᠨᠳᠠ 1132 ᠡᠷᠦᠬᠡ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ᠂ ᠢᠯᠴᠢ ᠶᠢᠨ ᠡᠬᠢ ᠰᠤᠷᠪᠤᠯᠵᠢ ᠶᠢ ᠴᠡᠪᠡᠷᠰᠢᠬᠦᠯᠵᠣ ᠥᠭᠡᠷᠡᠴᠢᠯᠡᠭᠰᠡᠨ ᠲᠠᠯᠠᠪᠠᠢ 10 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠵᠠᠢ᠃    ᠮᠠᠯᠴᠢᠨ ᠲᠠᠷᠢᠶᠠᠴᠢᠳ ᠰᠢᠨ᠎ᠡ ᠮᠠᠶ᠋ᠢᠭ ᠤᠨ ᠲᠣᠯᠠᠭᠠᠯᠠᠭ᠎ᠠ ᠶᠢᠨ ᠲᠥᠬᠦᠭᠡᠷᠦᠮᠵᠢ ᠪᠠᠷ ᠤᠯᠠᠮᠵᠢᠯᠠᠯᠲᠤ ᠲᠣᠯᠠᠭᠠᠯᠠᠭ᠎ᠠ ᠶᠢᠨ ᠠᠷᠭ᠎ᠠ ᠬᠡᠯᠪᠡᠷᠢ ᠶᠢ ᠣᠷᠣᠯᠠᠭᠤᠯᠵᠤ᠂ ᠲᠥᠪᠯᠡᠷᠡᠭᠦᠯᠦᠨ ᠳᠤᠯᠠᠭᠠᠯᠠᠬᠤ ᠶᠢ ᠪᠡᠶᠡᠯᠡᠬᠦᠯᠦᠨ᠂ ᠠᠷᠢᠭᠤᠨ ᠴᠡᠪᠡᠷ ᠳᠥᠭᠦᠮ ᠳᠥᠲᠡ ᠲᠣᠯᠠᠭᠠᠯᠠᠭ᠎ᠠ ᠶᠢᠨ ᠲᠦᠬᠦᠬᠡᠷᠦᠮᠵᠢ ᠲᠠᠢ ᠪᠤᠯᠤᠭᠰᠠᠨ ᠢᠶᠠᠷ ᠬᠦᠳᠡᠭᠡ ᠲᠣᠰᠬᠤᠨ ᠤ ᠲᠦᠷᠬᠦ ᠪᠠᠶᠢᠳᠠᠯ ᠢ ᠨᠡᠩ ᠴᠡᠪᠡᠷ ᠲᠤᠬᠢᠯᠢᠭ ᠪᠣᠯᠭᠠᠵᠡᠢ᠃ 
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号