ᠠᠶᠢᠮᠠᠭ ᠤᠨ ᠵᠠᠬᠢᠷᠭ᠎ᠠ 2024 ᠣᠨ ᠤ ᠠᠷᠪᠠᠨ ᠳᠦᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠳᠥᠷᠪᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠢ ᠳᠣᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/20
    11 ᠰᠠᠷ᠎ᠠ ᠶᠢᠨ 18᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ 2024 ᠣᠨ ᠤ ᠠᠷᠪᠠᠨ ᠳᠦᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠳᠥᠷᠪᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠢ  ᠳᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠬᠦᠴᠢᠷ ᠢ ᠢᠯᠠᠨ ᠪᠡᠷᠭᠡ ᠶᠢ ᠳᠠᠪᠠᠵᠤ᠂ ᠳᠥᠷᠪᠡᠳᠦᠭᠡᠷ ᠤᠯᠠᠷᠢᠯ ᠳᠤ ᠬᠦᠴᠦᠯᠡᠨ ᠰᠢᠪᠲᠤᠯᠤᠯᠲᠠ ᠬᠢᠵᠦ᠂ ᠡᠴᠦᠰ ᠤᠨ ᠠᠮᠵᠢᠯᠳᠠ ᠶᠢ ᠪᠠᠳᠣᠯᠠᠵᠦ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
1.jpg
     ᠬᠤᠷᠠᠯ ᠳᠤ ᠪᠦᠬᠦ ᠠᠶᠢᠮᠠᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠰᠣᠨᠣᠰᠴᠤ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠭᠤᠣᠯ ᠭᠦᠢᠴᠡᠳᠬᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠣᠨᠣᠪᠴᠢᠳᠠᠢ ᠪᠠᠷ ᠬᠦᠴᠦᠯᠡᠵᠦ᠂ ᠠᠷᠭ᠎ᠠ ᠪᠦᠬᠦᠨ ᠢ ᠰᠦᠪᠡᠭᠴᠢᠯᠡᠨ ᠴᠠᠭ ᠢ ᠠᠮᠵᠢᠵᠤ᠂ ᠠᠬᠢᠴᠠ ᠪᠠᠨ ᠳᠦᠷᠭᠡᠳᠬᠡᠵᠦ᠂ ᠪᠦᠬᠦ ᠬᠦᠴᠦᠨ ᠢᠶᠠᠷ ᠢᠶᠠᠨ ᠳᠠᠯᠳᠠ ᠬᠦᠴᠦᠨ ᠢ ᠢᠯᠡᠷᠡᠬᠦᠯᠵᠦ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠴᠢᠨᠠᠷ ᠴᠢᠨᠰᠠᠭ᠎ᠠ ᠎ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠠᠵᠤ ᠠᠬᠤᠢ ᠶᠢ ᠲᠤᠪᠤᠶᠢᠮ᠎ᠠ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠤᠳᠤᠯᠭ᠎ᠠ ᠬᠡᠷᠡᠭᠵᠢᠬᠦᠯᠬᠦ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠭᠠᠷᠤᠯᠲᠠ ᠶᠢ ᠲᠣᠭᠲᠠᠪᠤᠷᠢᠵᠢᠭᠤᠯᠤᠨ ᠦᠷ᠎ᠡ ᠠᠰᠢᠭ ᠢ ᠨᠢ ᠨᠡᠮᠡᠭᠳᠡᠭᠦᠯᠵᠦ᠂ ᠪᠡᠯᠡ ᠣᠷᠣᠭᠤᠯᠤᠯᠲᠠ ᠶᠢ ᠥᠷᠭᠡᠳᠬᠡᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠦᠨᠳᠦᠰᠦᠨ ᠪᠠᠶᠢᠳᠠᠯ ᠢ ᠡᠷᠡᠰ ᠲᠣᠭᠲᠠᠪᠤᠷᠢᠵᠢᠭᠤᠯᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠢᠯ ᠡᠬᠢᠯᠡᠭᠦᠯᠦᠭᠡᠳᠦᠢ ᠲᠦᠷᠦᠯ ᠵᠦᠢᠯ ᠢ ᠨᠡᠭᠡᠭᠡᠨ ᠡᠬᠢᠯᠡᠭᠦᠯᠬᠦ ᠶᠢ ᠠᠬᠢᠭᠤᠯᠵᠤ᠂ ᠪᠦᠳᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠩ ᠤᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠤᠢ ᠪᠣᠯᠭᠠᠬᠤ ᠬᠡᠷᠡᠭᠲᠡᠢ᠃ ᠢᠷᠡᠬᠦ ᠵᠢᠯ ᠤᠨ ᠲᠦᠷᠦᠯ ᠵᠦᠢᠯ ᠢ ᠨᠠᠷᠢᠨ ᠬᠢᠨᠠᠮᠠᠭᠠᠢ ᠰᠠᠶᠢᠲᠤᠷ ᠲᠥᠯᠥᠪᠵᠢᠭᠦᠯᠵᠦ᠂ ᠣᠨᠣᠪᠴᠢᠳᠠᠢ ᠪᠠᠷ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶᠢᠵᠢᠭᠤᠯᠵᠤ᠂ ᠲᠦᠷᠦᠯ ᠵᠦᠢᠯ ᠤᠨ ᠲᠤᠭ᠎ᠠ ᠬᠡᠮᠵᠢᠶ᠎ᠡ᠂ ᠪᠡᠯᠡ ᠣᠷᠣᠭᠤᠯᠤᠯᠲᠠ ᠶᠢᠨ ᠬᠡᠮᠵᠢᠶ᠎ᠡ ︽ᠬᠤᠶᠠᠷ ᠢ ᠳᠡᠭᠡᠭᠰᠢᠯᠡᠭᠦᠯᠬᠦ︾᠎ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
2.jpg
     ᠬᠤᠷᠠᠯ ᠳᠤ ︽ᠲᠠᠪᠤᠨ ᠶᠡᠭᠡ ᠰᠠᠭᠤᠷᠢᠨ︾᠂ ︽ᠲᠤᠯᠤᠭᠠᠨ ᠶᠡᠭᠡ ᠢᠨᠵᠧᠨᠧᠷᠢᠩ︾᠎ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ︽ᠲᠠᠪᠤᠨ ᠶᠡᠭᠡ ᠰᠠᠭᠤᠷᠢᠨ︾᠎ ᠢ ᠬᠡᠷᠡᠭᠵᠢᠭᠦᠯᠬᠦ ᠲᠥᠰᠦᠯ ᠢ ᠰᠤᠳᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠤᠷᠰᠢᠯᠵᠢᠭᠤᠯᠤᠭᠰᠠᠨ᠂ ᠬᠠᠭᠤᠴᠢᠨ ᠠᠷᠭ᠎ᠠ ᠵᠠᠮ ᠤᠨ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠵᠦ᠂ ᠬᠡᠷᠡᠭᠵᠢᠭᠦᠯᠬᠦ ᠲᠥᠰᠦᠯ ᠢᠶᠠᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠢᠷᠡᠬᠦ ᠵᠢᠯ ᠤᠨ ᠠᠵᠢᠯ ᠢᠶᠠᠨ ᠨᠠᠷᠢᠨ ᠬᠢᠨᠠᠮᠠᠭᠠᠢ ᠲᠥᠯᠥᠪᠵᠢᠭᠦᠯᠵᠦ᠂ ᠡᠭᠦᠷᠭᠡ ᠶᠢᠨ ᠨᠠᠷᠢᠨ ᠲᠠᠩᠰᠠ ᠶᠢ ᠵᠤᠷᠪᠤᠰ ᠳᠠᠷᠠᠭᠠᠯᠠᠨ ᠵᠢᠭᠰᠠᠭᠠᠵᠤ᠂ ᠨᠢᠭᠡᠳ ᠨᠢᠭᠡ ᠪᠠᠷ ᠵᠠᠳᠠᠯᠤᠨ ᠨᠠᠶᠢᠳᠠᠪᠤᠷᠢᠵᠢᠭᠤᠯᠵᠤ᠂ ᠨᠡᠩ ᠤᠯᠠᠨ ᠰᠢᠨ᠎ᠡ ᠬᠤᠪᠢᠷᠠᠯᠲᠠ ᠶᠢ ᠣᠯᠵᠤ᠂ ᠨᠡᠩ ᠤᠯᠠᠨ ᠰᠢᠨ᠎ᠡ ᠬᠢᠯᠠᠯᠵᠠᠭᠰᠠᠨ ᠠᠮᠵᠢᠯᠳᠠ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠠᠶᠢᠮᠠᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠦᠭᠰᠡᠨ ᠪᠠᠶᠢᠳᠠᠯ ᠢ ᠰᠣᠨᠣᠰᠴᠤ᠂ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠴᠢᠨᠠᠷ ᠴᠢᠨᠰᠠᠭ᠎ᠠ ᠶᠢ ᠪᠠᠲᠤᠯᠠᠨ᠂ ᠣᠨ ᠤ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠴᠠᠭ ᠲᠤᠬᠠᠶ ᠳᠤᠨᠢ ᠪᠡᠶᠡᠯᠡᠭᠦᠯᠵᠦ ᠂ ᠠᠷᠠᠳ ᠣᠯᠠᠨ ᠳᠤ ᠬᠢᠭᠰᠡᠨ ᠠᠮᠠᠯᠠᠯᠲᠠ ᠪᠠᠨ ᠦᠨᠡᠨ ᠬᠦ ᠲᠡᠷᠡ ᠶᠣᠰᠣᠭᠠᠷ ᠨᠢ ᠪᠡᠶᠡᠯᠡᠭᠦᠯᠵᠦ ᠨᠠᠶᠢᠳᠠᠪᠤᠷᠢᠵᠢᠭᠤᠯᠬᠤ ᠬᠡᠷᠡᠭᠲᠡᠶ᠃ ︽ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ︾᠎ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠠᠷᠠᠳ ᠤᠨ ᠰᠠᠨᠠᠭ᠎ᠠ ᠶᠢ ᠥᠷᠭᠡᠨ ᠢᠶᠠᠷ ᠰᠣᠨᠣᠰᠴᠦ ᠂ ᠢᠷᠡᠬᠦ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠪᠠᠰᠠ ᠵᠢᠯ ᠤᠨ ᠡᠴᠦᠰ ᠤᠨ ᠠᠵᠢᠯ ᠢᠶᠠᠨ ᠳᠣᠭᠠᠴᠠᠭᠠᠯᠠᠨ ᠪᠦᠷᠢᠳᠬᠡᠬᠦ᠂ ᠠᠶᠤᠯᠭᠦᠢ ᠦᠢᠯᠡᠳᠪᠦᠷᠢᠯᠡᠯ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠰᠠᠬᠢᠯᠭ᠎ᠠ ᠪᠠᠲᠤ ᠣᠪᠣᠷ ᠰᠤᠷᠲᠠᠯ ᠵᠡᠷᠭᠡ ᠠᠵᠢᠯ ᠳᠤ ᠱᠠᠭᠠᠷᠳᠠᠯᠭ᠎ᠠ ᠳᠤᠷᠠᠳᠴᠠᠢ᠃     ᠮᠥᠩᠬᠡ᠂ ᠪᠦᠦ ᠶᠧ᠂ ᠯᠢᠦ ᠳ᠋ᠧ᠂ ᠯᠢᠦ ᠴᠥᠩ ᠰᠢᠶᠤᠤ᠂ ᠯᠢᠦ ᠳ᠋ᠧ ᠼᠦᠢ᠂ ᠯᠢ ᠵᠢᠶᠦ᠋ᠨ᠂ ᠮᠦ ᠰᠢᠶᠠᠨ ᠶᠢᠦ ᠣᠷᠣᠯᠴᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号