ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠬᠢᠷᠠᠯᠴᠠᠪᠠ
ᠨᠡᠶᠢᠲᠡᠯᠡᠭᠰᠡᠨ ᠴᠠᠭ᠄
2024/11/22
    11 ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ ᠬᠥᠬᠡᠬᠤᠲᠠ ᠳᠤ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ ᠤᠷᠤᠰᠢᠨ ᠰᠠᠭᠤᠬᠤ ᠳᠤ ᠲᠣᠬᠢᠷᠡᠮᠵᠢᠲᠠᠢ ᠤᠶᠠᠨ ᠴᠢᠨᠠᠷᠲᠠᠢ ᠤᠶᠤᠨᠴᠢ ᠬᠤᠳᠠ ᠶᠢ ᠪᠦᠳᠦᠭᠡᠨ ᠪᠠᠶᠢᠭᠤᠯᠬᠤ︾ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠣᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠨᠢ ᠬᠤᠩ ᠬᠤᠶᠠᠷ ᠲᠠᠯ᠎ᠠ ᠶᠢ ᠲᠥᠯᠥᠭᠡᠯᠡᠨ ᠭᠠᠷ ᠤᠨ ᠥᠰᠥᠭ ᠵᠢᠷᠤᠪᠠ᠃    ᠬᠡᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ᠂ ᠤᠷᠤᠰᠢᠨ ᠰᠠᠭᠤᠬᠤ ᠳᠤ ᠲᠣᠬᠢᠷᠡᠮᠵᠢᠲᠠᠢ ᠤᠶᠠᠨ ᠴᠢᠨᠠᠷᠲᠠᠶ ᠤᠶᠤᠨᠴᠢ ᠬᠤᠲᠠ ᠶᠢ ᠪᠥᠲᠥᠭᠡᠨ ᠪᠠᠶᠢᠭᠤᠯᠬᠤ᠂ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠴᠢᠩᠭᠠᠳᠬᠠᠬᠤ᠂ ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠪᠣᠯᠤᠨ᠎ᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠭᠡᠷ᠎ᠡ ᠲᠣᠭᠲᠠᠬᠤ ᠶᠢ ᠡᠷᠭᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号