ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ
ᠨᠡᠶᠢᠲᠡᠯᠡᠭᠰᠡᠨ ᠴᠠᠭ᠄
2024/11/25
— ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠢ ᠰᠤᠷᠪᠤᠯᠵᠢᠯᠠᠭᠰᠠᠨ ᠨᠢ       ᠣᠶᠢᠷ᠎ᠠ ᠶᠢᠨ ᠡᠳᠦᠷ ᠰᠤᠷᠪᠤᠯᠵᠢᠯᠠᠭᠴᠢ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠠᠴᠠ ᠠᠯᠠᠱᠠ ᠪᠠᠷᠠᠭᠤᠨ ᠬᠤᠰᠢᠭᠤ ᠦᠬᠡᠷᠡᠴᠢᠯᠠᠯᠳᠠ ᠶᠢ ᠬᠡᠷᠬᠢᠨ ᠤᠯᠠᠮ ᠨᠢᠬᠡ ᠠᠯᠬᠤᠮ ᠬᠦᠨᠵᠡᠬᠡᠶᠢᠷᠡᠬᠦᠯᠬᠦ ᠲᠤᠬᠠᠢ ᠰᠤᠷᠪᠤᠯᠵᠢᠯᠠᠵᠠᠢ᠃ ᠲᠡᠷᠡ᠂ ᠠᠯᠠᠱᠠ ᠪᠠᠷᠠᠭᠤᠨ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠰᠶᠢᠳᠪᠦᠷᠢ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠡᠯ ᠤᠨ ᠱᠠᠭᠠᠷᠳᠠᠯᠭ᠎ᠠ ᠶᠢ ᠰᠠᠶᠢᠳᠦᠷ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠪᠥᠬᠦ ᠬᠦᠴᠦᠨ ᠢᠶᠠᠷ ᠬᠡᠷᠡᠭᠵᠢᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠪᠠᠷᠠᠭᠤᠨ ᠬᠤᠰᠢᠭᠤᠨ ᠤ ᠬᠠᠭᠤᠳᠠᠰᠤ ᠶᠢ ᠴᠢᠷᠮᠠᠶᠢᠨ ᠪᠢᠴᠢᠭᠯᠡᠨ᠎ᠠ ᠬᠡᠪᠡ᠃    ᠭᠤᠤ ᠵᠧᠩ᠂ ᠠᠯᠠᠱᠠ ᠪᠠᠷᠠᠭᠤᠨ ᠬᠤᠰᠢᠭᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠪᠠᠷᠠᠭᠤᠨ ᠬᠤᠰᠢᠭᠤᠨ ᠤ ᠬᠤᠷᠢᠶ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠶᠢᠨ ᠨᠠᠷᠢᠨ ᠲᠠᠩᠰᠠ︾ ᠶᠢ ᠲᠣᠭᠲᠠᠭᠠᠨ ᠨᠡᠶᠢᠲᠡᠯᠡᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠤᠨ᠂ ᠠᠯᠠᠱᠠ ᠪᠠᠷᠠᠭᠤᠨ ᠬᠤᠰᠢᠭᠤᠨ ᠤ ᠪᠣᠳᠠᠲᠤ ᠪᠠᠶᠢᠳᠠᠯ ᠳᠤ ᠨᠡᠶᠢᠴᠡᠬᠦ 154 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ᠂ ᠪᠣᠳᠠᠲᠠᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ ᠬᠡᠵᠠᠢ᠃    ᠠᠯᠠᠱᠠ ᠪᠠᠷᠠᠭᠤᠨ ᠬᠤᠰᠢᠭᠤ ᠨᠠᠮ ᠤᠨ ᠤᠨᠤᠯ ᠪᠣᠯᠣᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ ᠲᠠᠶᠢᠯᠪᠤᠷᠢᠯᠠᠬᠤ ᠶᠢ ᠪᠠᠷᠢᠮᠲᠠᠯᠠᠵᠤ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ᠂ ᠨᠠᠮ ᠤᠨ ᠤᠨᠤᠯ ᠤᠨ ᠰᠢᠨ᠎ᠡ ᠶᠢ ᠡᠭᠦᠳᠬᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠠᠷᠢᠶᠠᠨ ᠭᠠᠵᠠᠷ᠂ ᠦᠢᠯᠡᠳᠪᠦᠷᠢ ᠠᠭᠤᠷᠬᠠᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠬᠦᠷᠭᠡᠵᠡᠢ᠃ ︽ᠲᠦᠷᠪᠡᠨ ᠰᠤᠷᠲᠠᠯ︾ ᠢ ᠵᠠᠯᠠᠷᠠᠭᠤᠯᠬᠤ ᠪᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠤᠶᠠᠯᠳᠤᠭᠤᠯᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠤ ᠠᠷᠬᠠᠭ ᠭᠡᠮ ᠢ ᠨᠢᠭᠡᠳᠦᠯᠲᠡᠢ ᠴᠡᠭᠴᠡᠯᠡᠨ ᠰᠶᠢᠳᠪᠦᠷᠢᠯᠡᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠡᠷᠡᠯ ᠦᠨ ᠠᠰᠠᠭᠤᠳᠠᠯ ᠢ ᠴᠡᠭᠴᠡᠯᠡᠨ ᠵᠠᠰᠠᠬᠤ ︽ᠭᠤᠷᠪᠠᠨ ᠵᠦᠢᠯ ᠤᠨ ᠠᠵᠢᠯ︾ ᠢ ᠨᠢᠭᠡ ᠴᠣᠭᠴᠠᠵᠢᠭᠤᠯᠤᠨ ᠠᠬᠢᠭᠤᠯᠵᠦ᠂ ︽ᠱᠠᠯᠠᠪᠳᠠᠭᠤᠯᠤᠨ ᠪᠠᠶᠢᠴᠠᠭᠠᠵᠤ ᠰᠢᠯᠭᠠᠨ ᠪᠠᠶᠢᠴᠠᠭᠠᠬᠤ︾ ᠳᠦᠷᠢᠮ ᠢ ᠴᠢᠩᠭ᠎ᠠ ᠬᠡᠷᠡᠭᠵᠢᠭᠦᠯᠤᠨ᠂ ᠣᠨ ᠤ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠲᠥᠯᠥᠪᠯᠡᠭᠡ ᠶᠢᠨ ᠵᠦᠢᠯᠡᠰ ᠢ 2023 ᠣᠨ ᠳᠤ 27 ᠵᠦᠢᠯ ᠪᠠᠶᠢᠭᠰᠠᠨ ᠠᠴᠠ 10 ᠵᠦᠢᠯ ᠪᠣᠯᠭᠠᠨ ᠪᠠᠭᠠᠰᠬᠠᠵᠤ᠂ ᠦᠨᠳᠦᠰᠦᠨ ᠱᠠᠲᠤᠨ ᠤ ᠬᠦᠴᠦᠨ ᠴᠢᠳᠠᠯ ᠢ ᠥᠭᠡᠷᠡᠴᠢᠯᠡᠯᠲᠡ ᠶᠢ ᠠᠳᠬᠤᠨ ᠬᠥᠭᠵᠢᠯᠲᠡ ᠶᠢ ᠠᠬᠢᠭᠤᠯᠬᠤ ᠠᠵᠢᠯ ᠳᠤ ᠲᠦᠪᠯᠡᠷᠡᠬᠦᠯᠵᠠᠢ᠃ ᠠᠯᠠᠱᠠ ᠪᠠᠷᠠᠭᠤᠨ ᠬᠤᠰᠢᠭᠤ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠴᠢᠨᠠᠷ ᠰᠠᠶᠢᠲᠠᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠂ 11 ᠰᠠᠷ᠎ᠠ ᠶᠢᠨ ᠳᠤᠮᠳᠠᠴᠢ ᠪᠣᠯᠲᠠᠯ᠎ᠠ ᠪᠥᠬᠦ ᠬᠤᠰᠢᠭᠤᠨ ᠤ ᠢᠡᠭᠬᠡᠨ ᠰᠦ ᠶᠢᠨ ᠭᠠᠷᠤᠯᠲᠠ 9472 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 94.62% ᠢᠶᠠᠷ ᠨᠡᠮᠡᠭᠳᠡᠪᠡ᠃ 2023 ᠣᠨ ᠳᠤ᠂ ᠠᠯᠠᠱᠠ ᠪᠠᠷᠠᠭᠤᠨ ᠬᠤᠰᠢᠭᠤ ︽ᠳᠤᠮᠳᠠᠳᠤ ᠤᠯᠤᠰ ᠤᠨ ᠢᠡᠭᠬᠡᠨ ᠰᠠᠭᠠᠯᠢ ᠶᠢᠨ ᠨᠤᠲᠤᠭ︾ ᠢᠶᠠᠷ ᠦᠨᠡᠯᠡᠭᠳᠡᠵᠦ᠂     ︽ᠳᠤᠮᠳᠠᠳᠤ ᠤᠯᠤᠰ ᠤᠨ ᠨᠢᠭᠡ ᠨᠤᠳᠤᠭ ᠲᠤ ᠨᠢᠭᠡ ᠦᠢᠯᠡᠳᠬᠦᠨ ᠲᠠᠢ ᠪᠠᠶᠢᠬᠤ︾ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠭᠤᠶᠤᠴᠢᠯᠠᠨ ᠮᠡᠳᠡᠭᠦᠯᠵᠦ ᠪᠣᠶ᠃ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠵᠢᠴᠢ 20 ᠳ᠋ᠤᠭᠠᠷ ᠬᠤᠭᠤᠴᠠᠭᠠᠨ ᠤ ᠪᠠᠳᠠᠢ ᠶᠢᠨ ᠵᠢᠷᠠᠨ ᠡᠯᠡᠰᠦ ᠮᠠᠩᠬᠠᠨ ᠤ ᠰᠣᠶᠣᠯ ᠵᠢᠭᠤᠯᠴᠢᠯᠠᠯ ᠤᠨ ᠨᠠᠶᠢᠷ᠂ 19 ᠳ᠋ᠤᠭᠡᠷ ᠬᠤᠭᠤᠴᠠᠭᠠᠨ ᠤ ᠬᠡᠭᠡᠷᠡᠯᠡᠨ ᠠᠶᠠᠯᠠᠬᠤ e ᠠᠩᠬᠢ ᠶᠢᠨ ᠪᠠᠭᠠᠲᠤᠷᠴᠤᠳ ᠤᠨ ᠴᠤᠭᠯᠠᠭᠠᠨ᠂ ᠪᠠᠳᠠᠢ 100 ᠰᠢᠷᠢᠰ ᠤᠷᠤᠯᠳᠤᠭᠠᠨ ᠵᠡᠷᠭᠡ ᠰᠤᠶᠤᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠣᠲᠣ ᠪᠣᠯᠲᠠᠯ᠎ᠠ 299.7 ᠲᠦᠮᠡᠨ ︵ᠤᠳᠠᠭ᠎ᠠ︶ ᠲᠤᠭᠤᠷᠢᠨ ᠵᠤᠭᠠᠴᠠᠭᠴᠢᠠᠯᠠᠱᠠ ᠪᠠᠷᠠᠭᠤᠨ ᠬᠤᠰᠢᠭᠤ ᠪᠠᠷ ᠲᠤᠭᠤᠷᠢᠨ ᠵᠤᠭᠠᠯᠠᠵᠦ᠂ ᠠᠳᠠᠯᠢ ᠬᠤᠭᠤᠴᠠᠭᠠᠨ ᠤ ᠬᠢ ᠠᠴᠠ 24.3% ᠪᠠᠷ ᠨᠡᠮᠡᠭᠳᠡᠪᠡ︔ 15 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠡᠬᠦᠳᠴᠦ᠂ ᠠᠳᠠᠯᠢ ᠬᠤᠭᠤᠴᠠᠭᠠᠨ ᠤ ᠬᠢ ᠠᠴᠠ 27% ᠪᠠᠷ ᠨᠡᠮᠡᠭᠳᠡᠵᠡᠢ᠃    ᠮᠧᠩ ᠨᠧᠩ ᠪᠦᠯᠦᠭᠯᠡᠯ ᠤᠨ 100 ᠲᠦᠮᠡᠨ ᠺᠢᠯᠣᠸᠠᠲ ᠤᠨ ᠰᠠᠯᠬᠢᠨ ᠤ ᠨᠥᠭᠡᠴᠡ ᠶᠢᠨ ᠲᠥᠷᠥᠯ ᠵᠦᠢᠯ ᠪᠤᠯᠤᠨ ᠲᠠᠩᠰᠤᠭᠪᠤᠯᠠᠭ ᠤᠨ 40 ᠲᠦᠮᠡᠨ ᠺᠢᠯᠣᠸᠠᠲ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠠᠵᠢᠯ ᠢᠶᠠᠨ ᠡᠬᠢᠯᠡᠬᠦᠯᠤᠨ᠂ 1000 ᠰᠠᠶ᠎ᠠ ᠸᠠᠲ /4000 ᠰᠠᠶ᠎ᠠ ᠸᠠᠲ ᠤᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠲᠤᠰᠬᠠᠢ ᠲᠥᠷᠥᠯ ᠵᠦᠢᠯ ᠢ ᠳᠡᠩᠰᠡᠯᠡᠵᠦ᠂ ᠰᠢᠨ᠎ᠡ ᠡᠨᠧᠷᠭᠢ ᠪᠠᠷ ᠬᠡᠷᠡᠯ ᠢᠯᠴᠢ ᠬᠠᠨᠭ᠍ᠭᠠᠬᠤ ᠲᠥᠷᠥᠯ ᠵᠦᠢᠯ ᠢ ᠡᠮᠬᠢ ᠵᠢᠷᠤᠮ ᠲᠠᠢ ᠥᠷᠨᠢᠭᠦᠯᠤᠨ᠂ ᠪᠠᠳᠠᠢ ᠶᠢᠨ ᠵᠢᠷᠠᠨ ᠡᠯᠡᠰᠦᠨ ᠤ ᠰᠢᠨ᠎ᠡ ᠡᠨᠧᠷᠭᠢ ᠶᠢᠨ ᠰᠠᠭᠤᠷᠢᠨ ᠭᠠᠵᠠᠷ ᠵᠡᠷᠭᠡ ᠴᠢᠬᠤᠯᠠ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠪᠠ᠃ ᠡᠭᠦᠨ ᠤ ᠬᠠᠮᠳᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠠᠭᠤᠷᠬᠠᠢ ᠡᠷᠢᠵᠦ ᠠᠭᠤᠷᠬᠠᠢ ᠬᠠᠶᠢᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠪᠡ᠃    ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠵᠦ᠂ ︽ᠾᠤᠰᠢ ᠶᠢᠨ ᠬᠤᠩᠭᠢᠯ — ᠲᠠᠺᠯᠢᠮᠠᠺᠠᠨ ᠡᠯᠡᠰᠦᠨ ᠤ ᠬᠦᠪᠡᠭᠡ ᠲᠠᠭᠠᠤ ᠳᠠᠬᠢ ᠰᠡᠷᠬᠡᠶᠢᠯᠡᠯᠳᠠ ᠶᠢᠨ ᠲᠠᠶᠢᠯᠠᠯᠳᠤᠭᠠᠨ︾ ᠢ ᠲᠦᠯᠬᠢᠨ ᠠᠬᠢᠭᠤᠯᠵᠤ᠂ ᠥᠪᠥᠷ ᠮᠣᠩᠭᠤᠯ ︵ᠠᠯᠠᠱᠠ ᠠᠶᠢᠮᠠᠭ︶ ᠤᠨ ᠪᠠᠷᠠᠭᠤᠨ ᠬᠡᠰᠡᠭ ᠤᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ︵ᠬᠤᠶᠠᠳᠤᠭᠠᠷ ᠬᠤᠭᠤᠴᠠᠭ᠎ᠠ︶ ᠶᠢᠨ ᠲᠥᠷᠥᠯ ᠵᠦᠢᠯ ᠤᠨ ᠠᠯᠠᠱᠠ ᠪᠠᠷᠠᠭᠤᠨ ᠬᠤᠰᠢᠭᠤᠨ ᠤ ᠵᠠᠯᠭᠠᠯᠳᠤᠭᠰᠠᠨ ᠣᠷᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 161.81 ᠲᠦᠮᠡᠨ ᠮᠦ ᠪᠡᠶᠡᠯᠡᠭᠦᠯᠪᠡ᠃ ︽ᠪᠠᠳᠠᠢ ᠶᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠲᠦ ᠨᠦᠭᠦᠳ︾ ᠢ ︽ᠳᠡᠯᠡᠬᠡᠢ ᠶᠢᠨ ᠥᠪ ᠤᠨ ᠨᠡᠷᠡᠰ ᠦᠨ ᠲᠡᠮᠳᠡᠭᠯᠡᠯ︾ ᠳ᠋ᠤ᠋ ᠠᠮᠵᠢᠯᠲᠠ ᠲᠠᠢ ᠤᠷᠤᠭᠤᠯᠵᠦ᠂ ᠮᠠᠨ ᠤ ᠤᠯᠤᠰ ᠤᠨ ᠳᠡᠯᠡᠬᠡᠢ ᠶᠢᠨ ᠪᠠᠶᠢᠭᠠᠯᠢ ᠶᠢᠨ ᠥᠪ ᠤᠨ ᠳᠣᠲᠣᠷ᠎ᠠ ᠡᠯᠡᠰᠦ ᠮᠠᠩᠬ᠎ᠠ ᠶᠢᠨ ᠲᠦᠷᠦᠯ ᠵᠦᠢᠯ ᠪᠠᠶᠢᠬᠤ ᠦᠭᠡᠢ ᠬᠤᠭᠤᠰᠤᠨ ᠢ ᠨᠥᠬᠦᠪᠦᠷᠢᠯᠡᠵᠡᠢ᠃    ᠠᠯᠠᠱᠠ ᠪᠠᠷᠠᠭᠤᠨ ᠬᠤᠰᠢᠭᠤ ᠨᠢᠭᠡᠳᠤᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 15 ᠲᠦᠷᠦᠯ ᠵᠦᠢᠯ ᠢ ᠬᠡᠷᠡᠭᠵᠢᠬᠦᠯᠵᠦ᠂ 1.57 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ︽ᠬᠤᠶᠠᠷ ᠢ ᠬᠦᠡᠭᠬᠡᠷᠡᠬᠦᠯᠬᠦ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠰᠢᠯᠢᠳᠡᠭᠵᠢᠬᠦᠯᠤᠨ᠂ ᠰᠣᠷᠣᠭᠴᠢ ᠶᠢᠨ ᠣᠷᠣᠯᠴᠠᠭᠰᠠᠨ ᠨᠣᠷᠮ᠎ᠠ 100% ᠳᠤ ᠬᠦᠷᠴᠦ᠂ ᠤᠯᠤᠰ ᠤᠨ ᠨᠢᠬᠡᠳᠦᠯᠳᠡᠢ ᠰᠢᠯᠭᠠᠯᠳᠠ ᠳᠤ ᠤᠷᠤᠯᠴᠠᠬᠰᠠᠨ ᠨᠣᠷᠮ᠎ᠠ 100% ᠳᠤ ᠬᠦᠷᠴᠦ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠭᠠᠵᠦ ᠤᠷᠤᠬᠤ ᠨᠣᠷᠮ᠎ᠠ 74.6% ᠳᠤ ᠬᠥᠷᠪᠡ︔ ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠣᠨ ᠵᠢᠨᠴᠠᠩ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠣᠷᠣᠨ ᠪᠦᠰᠡ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠡᠮᠨᠡᠯᠭᠡ ᠶᠢᠨ ᠬᠤᠷᠢᠶ᠎ᠠ ᠶᠢᠨ ᠡᠵᠡᠩᠨᠡᠯᠲᠡ ᠬᠠᠮᠢᠶᠠᠷᠤᠯᠲᠠ᠂ ᠡᠮᠴᠢᠯᠡᠭᠡᠨ ᠤ ᠲᠤᠰᠬᠠᠢ ᠰᠠᠯᠠᠭ᠎ᠠ ᠶᠢᠨ ᠪᠠᠶᠢᠭᠤᠯᠤᠯᠲᠠ᠂ ᠬᠠᠮᠲᠤ ᠶᠢᠨ ᠴᠣᠭᠴᠠ ᠶᠢᠨ ᠪᠠᠶᠢᠭᠤᠯᠤᠯᠲᠠ ᠵᠡᠷᠭᠡ ᠣᠯᠠᠨ ᠲᠠᠯ᠎ᠠ ᠪᠠᠷ ᠪᠤᠳᠠᠲᠦ ᠦᠷ᠎ᠠ ᠪᠦᠲᠦᠮᠵᠢ ᠤᠯᠵᠠᠢ︔ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠭᠦᠨᠵᠡᠭᠡᠢ ᠬᠡᠷᠡᠭᠵᠢᠭᠦᠯᠦᠨ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠶᠢᠳᠪᠦᠷᠢᠯᠡᠵᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ 100% ᠳᠤ ᠬᠥᠷᠪᠡ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ᠂ ᠠᠵᠢᠯ ᠣᠯᠭᠤᠯᠲᠠ᠂ ᠰᠠᠭᠤᠷᠢ ᠲᠥᠬᠦᠭᠡᠷᠦᠮᠵᠢ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠦᠷᠢᠯᠡᠨ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠣᠷᠴᠢᠨ ᠲᠣᠭᠤᠷᠢᠨ ᠢ ᠠᠯᠬᠤᠮ ᠠᠯᠬᠤᠮ ᠢᠶᠠᠷ ᠰᠠᠶᠢᠵᠢᠷᠠᠭᠤᠯᠵᠠᠢ︔ ᠬᠤᠲᠠ ᠪᠠᠯᠭᠠᠰᠤᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠨᠠᠷᠲᠠᠢ ᠰᠠᠭᠤᠷᠢ ᠲᠦᠬᠦᠬᠡᠷᠦᠮᠵᠢ ᠶᠢ ᠲᠡᠭᠦᠯᠳᠡᠷᠵᠢᠭᠦᠯᠦᠨ᠂ ᠠᠳᠠᠯ ᠠᠬᠤᠢ᠂ ᠬᠤᠲᠠ ᠶᠢᠨ ᠶᠠᠪᠤᠳᠠᠯ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠎ᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠤᠭᠰᠠᠨ ᠪᠠᠶᠢᠨ᠎ᠠ᠃ 
 
ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号