︽ᠶᠡᠭᠡ ᠮᠠᠩᠬᠠᠨ ᠤ ᠬᠥᠭᠵᠢᠯ ᠮᠠᠨᠳᠤᠯ · ᠳᠣᠣᠷ᠎ᠠ ᠠᠭᠠᠷ ᠢᠶᠠᠷ ᠬᠠᠯᠢᠨ ᠳᠡᠭᠦᠯᠢᠶ᠎ᠡ︾      ᠠᠯᠠᠱᠠ ᠶᠢᠨ ᠲᠤᠤᠷ᠎ᠠ ᠠᠭᠠᠷ  ᠤᠨ ᠠᠵᠦ ᠠᠬᠤᠢ ᠶᠢ ᠬᠦᠭᠵᠢᠬᠦᠯᠬᠦ ᠬᠤᠷᠡᠯ ᠬᠤᠷᠠᠯᠳᠤᠪᠠ
ᠨᠡᠶᠢᠲᠡᠯᠡᠭᠰᠡᠨ ᠴᠠᠭ᠄
2024/11/26
   ᠪᠠᠢ ᠬᠠᠢ ᠯᠢᠨ ᠬᠤᠷᠡᠯ ᠳᠤ ᠤᠷᠤᠯᠴᠠᠨ ᠪᠡᠶᠡᠷ ᠤᠨ ᠦᠬᠡ ᠬᠡᠯᠡᠵᠠᠢ   11 ᠰᠠᠷ᠎ᠠ ᠶᠢᠨ 22 ᠤᠨ ᠡᠳᠦᠷ᠂ ︽ᠶᠡᠭᠡ ᠮᠠᠩᠬᠠᠨ ᠤ ᠬᠥᠭᠵᠢᠯ ᠮᠠᠨᠳᠤᠯ · ᠳᠣᠣᠷ᠎ᠠ ᠠᠭᠠᠷ ᠢᠶᠠᠷ ᠬᠠᠯᠢᠨ ᠳᠡᠭᠦᠯᠢᠶ᠎ᠡ︾ 2024 ᠠᠯᠠᠱᠠ ᠶᠢᠨ ᠳᠣᠣᠷ᠎ᠠ ᠠᠭᠠᠷ ᠤᠨ ᠠᠵᠤ ᠠᠬᠤᠢ ᠶᠢ ᠬᠦᠭᠵᠢᠬᠦᠯᠬᠦ ᠬᠤᠷᠠᠯ ᠪᠠᠶᠠᠨᠬᠤᠲᠠ ᠳᠤ ᠬᠤᠷᠠᠯᠳᠤᠵᠦ᠂ ᠪᠦᠬᠦ ᠤᠯᠤᠰ ᠠᠴᠠ ᠢᠷᠡᠭᠰᠡᠨ ᠲᠤᠤᠷ᠎ᠠ ᠠᠭᠠᠷ ᠤᠨ ᠬᠦᠷᠢᠶ᠎ᠡ ᠴᠠᠷᠠᠭ᠎ᠠ ᠶᠢᠨ ᠮᠡᠷᠬᠡᠵᠢᠯᠲᠡᠨ ᠰᠤᠳᠤᠯᠭᠠᠲᠠᠨ᠂ ᠬᠡᠰᠡᠭ ᠠᠵᠦ ᠠᠬᠤᠶᠢᠯᠠᠯ ᠪᠤᠯᠤᠨ ᠶᠡᠭᠡ ᠲᠡᠬᠡᠲᠦ ᠰᠤᠷᠭᠠᠭᠤᠯᠢ ᠶᠢᠨ ᠲᠤᠰᠬᠠᠢ ᠮᠡᠷᠬᠡᠵᠢᠯᠳᠠᠳ ᠬᠤᠷᠠᠯ ᠳᠤ ᠤᠷᠤᠯᠴᠠᠨ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠪᠠᠶᠠᠷ ᠤᠨ ᠦᠭᠡ ᠬᠡᠯᠡᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠥᠩᠬᠡ᠂ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠼᠦᠢ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠬᠤᠷᠠᠯ ᠡᠷᠭᠢᠯᠡᠪᠡ᠃    ᠪᠠᠢ ᠬᠠᠢ ᠯᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢ ᠲᠥᠯᠥᠭᠡᠯᠡᠨ ᠬᠦᠨᠳᠦᠲᠦ ᠵᠣᠴᠢᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠠᠶᠢᠮᠠᠭ ᠳᠣᠣᠷ᠎ᠠ ᠠᠭᠠᠷ ᠤᠨ ᠠᠵᠤ ᠠᠬᠤᠢ ᠶᠢ ᠬᠥᠭᠵᠢᠭᠦᠯᠬᠦ ᠲᠠᠪᠠᠭᠤᠯᠢᠭ ᠨᠥᠬᠦᠴᠡᠯ ᠲᠠᠢ᠂ ᠬᠥᠭᠵᠢᠯᠲᠡ ᠶᠢᠨ ᠰᠠᠭᠤᠷᠢ ᠲᠠᠢ ᠮᠦᠷᠳᠡᠬᠡᠨ ᠳᠠᠯᠳᠠ ᠬᠦᠴᠦᠨ ᠯᠤᠲᠤ ᠶᠡᠭᠡ ᠶᠤᠮ᠃ ᠣᠳᠣᠬᠠᠨ ᠳᠤ᠂ ᠠᠯᠠᠱᠠ ᠶᠠᠭ ᠳᠣᠣᠷ᠎ᠠ ᠠᠭᠠᠷ ᠤᠨ ᠠᠵᠤ ᠠᠬᠤᠢ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠰᠤᠳᠤᠯᠤᠨ ᠨᠡᠭᠡᠭᠡᠵᠦ ᠦᠢᠯᠡᠳᠬᠦ᠂ ᠳᠣᠣᠷ᠎ᠠ ᠠᠭᠠᠷ ᠤᠨ ᠣᠷᠣᠨ  ᠪᠦᠰᠡ᠂ ᠰᠠᠭᠤᠷᠢ ᠲᠥᠬᠦᠭᠡᠷᠦᠮᠵᠢ᠂ ᠡᠵᠡᠩᠨᠡᠯᠲᠡ ᠵᠡᠷᠭᠡ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠳᠣᠣᠷ᠎ᠠ ᠠᠭᠠᠷ ᠤᠨ ᠣᠷᠣᠨ ᠪᠦᠰᠡ᠂ ᠠᠵᠤ ᠦᠢᠯᠡᠰ ᠤᠨ ᠦᠵᠦᠭᠦᠷᠯᠢᠭ᠂ ᠬᠡᠷᠡᠭᠯᠡᠭᠡᠨ ᠤ ᠦᠵᠦᠭᠦᠷᠯᠢᠭ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂ ᠤᠯᠤᠰ ᠤᠨ ᠲᠠᠰ ᠤᠨ ᠳᠣᠣᠷ᠎ᠠ ᠠᠭᠠᠷ ᠤᠨ ᠨᠢᠰᠦᠭᠦᠷ ᠢ ᠰᠢᠯᠭᠠᠬᠤ ᠰᠠᠭᠤᠷᠢᠨ ᠭᠠᠵᠠᠷ᠂ ᠵᠢᠯᠣᠭᠤᠴᠢ ᠦᠭᠡᠢ ᠨᠢᠰᠬᠡᠯ ᠤᠨ ᠠᠭᠠᠷ ᠤᠨ ᠠᠶᠠᠯᠠᠯ ᠤᠨ ᠲᠤᠷᠰᠢᠯᠲᠠ ᠶᠢᠨ ᠰᠠᠭᠤᠷᠢᠨ ᠭᠠᠵᠠᠷ᠂ ᠠᠶᠠᠯᠠᠯ ᠨᠡᠪᠲᠡᠷᠡᠬᠦ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠪᠠ ᠳᠣᠣᠷ᠎ᠠ ᠠᠭᠠᠷ ᠤᠨ ᠵᠢᠭᠤᠯᠴᠢᠯᠠᠯ ᠲᠥᠪᠯᠡᠷᠡᠭᠰᠡᠨ ᠣᠷᠣᠨ᠂ ᠳᠣᠣᠷ᠎ᠠ ᠠᠭᠠᠷ ᠤᠨ ᠠᠵᠤ ᠠᠬᠤᠢ ᠶᠢ ᠤᠷᠢᠳ ᠢᠶᠠᠷ ᠬᠡᠷᠡᠭᠵᠢᠭᠦᠯᠬᠦ ᠲᠤᠷᠰᠢᠯᠲᠠ ᠶᠢᠨ ᠣᠷᠣᠨ ᠢ ᠲᠦᠷᠭᠡᠳᠬᠡᠨ ᠪᠠᠶᠢᠭᠤᠯᠵᠤ ᠪᠠᠶᠢᠨ᠎ᠠ᠃ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯᠳᠠᠨ ᠪᠣᠯᠣᠨ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠨ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠯᠠᠱᠠ ᠶᠢᠨ ᠳᠣᠣᠷ᠎ᠠ ᠠᠭᠠᠷ ᠤᠨ ᠠᠵᠤ ᠠᠬᠤᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠤᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃    ᠬᠤᠷᠡᠯ ᠳᠡᠭᠡᠷ᠎ᠡ᠂ ᠠᠶᠢᠮᠠᠭ ᠤᠨ ᠵᠠᠬᠢᠷᠭ᠎ᠠ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ᠂ ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠶᠢᠮᠠᠭ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠺᠣᠮᠫᠠᠨᠢ ᠲᠣᠰ ᠲᠣᠰ ᠰᠠᠨᠰᠠᠷ ᠤᠨ ᠠᠶᠠᠯᠠᠯ ᠤᠨ ᠴᠠᠭ ᠦᠶ᠎ᠡ ᠶᠢᠨ ᠹᠧᠢ ᠫᠧᠩ ᠺᠣᠮᠫᠠᠨᠢ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠠᠷᠠᠳ ᠤᠨ ᠨᠢᠰᠬᠡᠯ ᠤᠨ ᠲᠤᠷᠰᠢᠨ ᠨᠢᠰᠬᠦ ᠲᠥᠪ᠂ ᠰᠢ ᠠᠨ ᠬᠤᠲᠠ ᠶᠢᠨ ᠠᠭᠠᠷ ᠤᠨ ᠠᠶᠠᠯᠠᠯ ᠤᠨ ᠰᠠᠭᠤᠷᠢᠨ ᠭᠠᠵᠠᠷ ᠤᠨ ᠠᠭᠠᠷ ᠤᠨ ᠠᠶᠠᠯᠠᠯ ᠤᠨ ᠪᠦᠯᠦᠭᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠪᠡᠭᠡᠵᠢᠩ ᠤᠨ ᠴᠢ ᠴᠢᠶᠣᠤ ᠰᠢᠨᠵᠢᠯᠡᠭᠡ ᠮᠡᠷᠭᠡᠵᠢᠯ ᠰᠣᠶᠣᠯ ᠤᠨ ᠺᠣᠮᠫᠠᠨᠢ᠂ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ᠂ ᠵᠢᠶᠠᠩᠰᠤ ᠶᠢᠨ ᠶᠠ ᠵᠢᠶᠧ ᠠᠭᠠᠷ ᠤᠨ ᠠᠶᠠᠯᠠᠯ ᠤᠨ ᠬᠥᠭᠵᠢᠭᠦᠯᠦᠯᠲᠡ ᠶᠢᠨ ᠪᠦᠯᠦᠭᠯᠡᠯ ᠺᠣᠮᠫᠠᠨᠢ ᠲᠠᠢ ᠬᠠᠮᠳᠤᠷᠠᠯᠴᠠᠭᠠᠨ ᠤ ᠬᠡᠯᠡᠯᠴᠡᠬᠡᠷ ᠲᠤᠭᠳᠠᠵᠠᠢ᠃ ᠬᠡᠯᠡᠯᠴᠡᠬᠡᠷ ᠢ ᠦᠨᠳᠦᠰᠦᠯᠠᠪᠠᠯ᠂ ᠳᠣᠣᠷ᠎ᠠ ᠠᠭᠠᠷ ᠤᠨ ᠨᠢᠰᠦᠯᠲᠡ ᠶᠢᠨ ᠬᠠᠮᠢᠶ᠎ᠠ ᠪᠦᠬᠦᠢ ᠠᠵᠢᠯ᠂ ᠵᠢᠯᠣᠭᠤᠴᠢ ᠦᠭᠡᠢ ᠨᠢᠰᠬᠡᠯ ᠢ ᠰᠢᠯᠭᠠᠨ ᠪᠠᠲᠤᠯᠠᠬᠤ ᠨᠢᠰᠦᠯᠲᠡ᠂ ᠪᠣᠷᠤᠯᠠᠭᠤᠯᠭ᠎ᠠ ᠪᠠ ᠦᠢᠯᠡᠴᠢᠯᠡᠭᠡ᠂ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ᠂ ᠨᠢᠰᠬᠡᠯ ᠢᠶᠠᠷ ᠪᠣᠷᠣᠭᠠᠨ ᠣᠷᠣᠭᠤᠯᠬᠤ᠂ ᠨᠢᠰᠦᠯᠲᠡ ᠶᠢᠨ ᠪᠣᠯᠪᠠᠰᠤᠷᠠᠯ᠂ ᠣᠶᠢᠷ᠎ᠠ ᠵᠠᠮ ᠤᠨ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ᠂ ᠲᠠᠷᠢᠶᠠᠨ ᠭᠠᠵᠠᠷ ᠤᠨ ᠲᠠᠷᠢᠮᠠᠯ ᠤᠨ ᠬᠠᠮᠠᠭᠠᠯᠠᠯᠲᠠ᠂ ᠰᠣᠶᠣᠯ ᠵᠢᠭᠤᠯᠴᠢᠯᠠᠯ ᠵᠡᠷᠭᠡ ᠠᠯᠢ ᠣᠯᠠᠨ ᠲᠠᠯ᠎ᠠ ᠪᠠᠷ ᠬᠠᠮᠳᠤᠷᠠᠯᠴᠠᠬᠤ ᠪᠤᠯᠤᠨ᠎ᠠ᠃    ᠬᠤᠷᠠᠯ ᠳᠤ ᠣᠷᠣᠯᠴᠠᠭᠰᠠᠳ ᠪᠠᠰᠠ ᠤᠯᠤᠰ ᠤᠨ ᠲᠤᠳᠤᠭᠠᠲᠦ ᠶᠢᠨ ᠰᠢᠨᠵᠢᠯᠡᠭᠡ ᠮᠡᠷᠬᠡᠵᠢᠯ ᠤᠨ 21 ᠬᠤᠰᠢᠭᠤᠴᠢ ᠠᠵᠦ ᠠᠬᠤᠶᠢᠯᠠᠯ ᠤᠨ 80 ᠪᠦᠲᠦᠬᠡᠯ ᠢ ᠲᠤᠭᠤᠷᠢᠨ ᠦᠵᠡᠵᠦ᠂ ᠤᠯᠤᠰ ᠤᠨ ᠳᠣᠲᠣᠭᠠᠳᠤ ᠶᠢᠨ ᠳᠣᠣᠷ᠎ᠠ ᠠᠭᠠᠷ ᠤᠨ ᠬᠦᠷᠢᠶ᠎ᠠ ᠴᠠᠷᠠᠭᠠᠨ ᠤ ᠠᠵᠢᠯ ᠲᠦᠷᠦᠯ ᠤᠨ ᠲᠤᠰᠬᠠᠢ ᠮᠡᠷᠭᠡᠵᠢᠯᠲᠡᠨ᠂ ᠫᠷᠤᠹᠧᠰᠰᠤᠷ᠂ ᠡᠷᠳᠡᠮᠲᠡᠳ ᠠᠴᠠ ᠨᠢᠰᠦᠭᠦᠷ ᠢ ᠰᠤᠳᠤᠯᠤᠨ ᠨᠡᠭᠡᠭᠡᠵᠦ ᠰᠢᠪᠲᠤᠯᠤᠯᠲᠠ ᠭᠠᠷᠭᠠᠬᠤ᠂ ᠳᠣᠣᠷ᠎ᠠ ᠠᠭᠠᠷ ᠤᠨ ᠠᠵᠤ ᠠᠬᠤᠢ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠵᠡᠷᠭᠡ ᠳᠡᠯᠡᠬᠡᠢ ᠶᠢᠨ ᠬᠠᠮᠤᠭ ᠲᠡᠷᠢᠭᠦᠨ ᠤ ᠬᠠᠷᠠᠭᠠᠰᠤ ᠪᠣᠯᠣᠨ ᠣᠶᠢᠯᠠᠭᠠᠭᠳᠠᠬᠤᠨ ᠢᠶᠠᠨ ᠬᠤᠪᠢᠶᠠᠯᠴᠠᠭᠰᠠᠨ ᠪᠠᠶᠢᠨ᠎ᠠ᠃ 
 
ᠢᠷᠡᠯᠲᠡ᠄ ᠠᠯᠠᠱᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号