ᠠᠯᠠᠱᠠ ᠠᠶᠢᠮᠠᠭ ᠤᠨ ᠴᠡᠭᠡ ᠬᠢᠯᠢ ᠶᠢᠨ ᠪᠣᠭᠤᠮᠲᠠ ᠪᠠᠷ ᠦᠩᠭᠡᠷᠡᠬᠦ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠰᠢᠨ᠎ᠡ ᠲᠡᠮᠳᠡᠭᠯᠡᠯ ᠢ ᠡᠭᠦᠳᠴᠦ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠨᠢ ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠬᠦ ᠳᠤ ᠨᠢ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/11/27
     ᠴᠡᠭᠡ ᠬᠢᠯᠢ ᠶᠢᠨ ᠪᠣᠭᠤᠮᠲᠠ ᠶᠢᠨ ᠪᠣᠭᠤᠮᠲᠠ ᠶᠢᠨ ᠰᠠᠯᠠᠭ᠎ᠠ ᠮᠥᠴᠢᠷ ︽ᠤᠶᠤᠨᠲᠤ ᠪᠣᠭᠤᠮᠲᠠ︾ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠰᠢᠰᠲ᠋ᠧᠮ ᠢ ᠣᠶᠤᠨᠴᠢ ᠪᠠᠷ ᠵᠠᠯᠭᠠᠨ ᠣᠷᠣᠭᠤᠯᠬᠤ ᠶᠢ ᠪᠡᠶᠡᠯᠡᠭᠦᠯᠵᠦ᠂ ︽ᠠᠷᠪᠠ ᠶᠢ ᠣᠷᠣᠭᠤᠯᠵᠤ ᠵᠢᠷᠭᠤᠭ᠎ᠠ ᠭᠠᠷᠭᠠᠬᠤ︾ ᠨᠡᠭᠦᠷᠡᠰᠦ ᠲᠡᠭᠡᠭᠡᠪᠦᠷᠢᠯᠡᠬᠦ ᠵᠠᠮ ᠢ ᠪᠥᠬᠦ ᠲᠠᠯ᠎ᠠ ᠪᠠᠷ ᠨᠡᠪᠲᠡᠷᠡᠭᠦᠯᠬᠦ ᠶᠢ ᠪᠡᠶᠡᠯᠡᠭᠦᠯᠪᠡ᠃ AGV ᠵᠢᠯᠣᠭᠤᠴᠢ ᠥᠬᠡᠶ ᠲᠡᠭᠡᠭᠡᠪᠦᠷᠢ ᠶᠢᠨ ᠪᠠ ᠤᠶᠤᠨᠴᠢᠯᠠᠭᠰᠠᠨ ᠬᠦᠨᠳᠦ ᠠᠴᠢᠶᠠᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠬᠡᠪ ᠵᠠᠭᠪᠤᠷ ᠨᠢ ᠤᠯᠠᠮᠵᠢᠯᠠᠯᠲᠤ ᠮᠠᠶ᠋ᠢᠭ ᠤᠨ ᠬᠥᠮᠦᠨ ᠤ ᠬᠦᠴᠦᠨ ᠳᠤ ᠲᠦᠰᠢᠭᠯᠡᠵᠦ ᠪᠠᠶᠢᠭᠰᠠᠨ ᠠᠴᠠ ᠣᠶᠤᠨᠴᠢᠯᠠᠭᠰᠠᠨ ᠲᠡᠶᠢᠰᠢ ᠠᠯᠬᠤᠮ ᠠᠯᠬᠤᠮ ᠢᠶᠠᠷ ᠤᠷᠤᠭᠰᠢᠯᠠᠵᠤ᠂ ᠪᠣᠭᠤᠮᠲᠠ ᠶᠢᠨ ᠥᠨᠳᠥᠷ ᠪᠦᠲᠦᠮᠵᠢᠲᠡᠶ ᠪᠠᠷ ᠠᠵᠢᠯᠯᠠᠭᠤᠯᠬᠤ ᠳᠤ ᠨᠢ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃     11 ᠳ᠋ᠦ᠋ᠭᠡᠷ ᠰᠠᠷ᠎ᠠ ᠶᠢᠨ 21 ᠤ ᠡᠳᠦᠷ ᠪᠣᠯᠲᠠᠯ᠎ᠠ᠂ ᠴᠡᠭᠡ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢᠯᠡᠬᠦ ᠬᠡᠮᠵᠢᠶ᠎ᠡ 2204.18 ᠲᠦᠮᠡᠨ ᠲᠣᠨ ᠳᠤ ᠬᠦᠷᠴᠦ᠂ ᠵᠢᠯ ᠤᠨ ᠬᠠᠷᠠᠯᠲᠠ ᠪᠠᠨ 100 % ᠪᠠᠷ ᠪᠡᠶᠡᠯᠡᠭᠦᠯᠵᠦ᠂ ᠪᠣᠭᠤᠮᠲᠠ ᠰᠡᠭᠡᠬᠡᠭᠰᠡᠨ ᠠᠴᠠ ᠨᠠᠭᠠᠰᠢᠬᠢ 32 ᠵᠢᠯ ᠤᠨ ᠲᠤᠷᠰᠢᠬᠢ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ︔ ᠬᠢᠯᠢ ᠶᠢᠨ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ ᠨᠢᠭᠡᠨᠲᠡ 1.74 ᠳ᠋ᠦᠩᠰᠢᠭᠤᠷ ᠲᠣᠨ ᠳᠤ ᠬᠦᠷᠴᠦ᠂ ᠠᠷᠠᠯᠵᠢᠶᠠᠨ ᠤ ᠶᠡᠷᠦᠩᠬᠡᠶ ᠲᠤᠭ᠎ᠠ 700 ᠳ᠋ᠦᠩᠰᠢᠭᠤᠷ ᠲᠥᠭᠦᠷᠢᠭ ᠢ ᠳᠠᠪᠠᠪᠠ᠃
 
ᠢᠷᠡᠯᠲᠡ᠄ ᠦᠪᠦᠷ ᠮᠤᠩᠭᠤᠯ ᠶᠢᠨ ᠠᠷᠠᠳ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号