︽ᠡᠬᠡᠴᠦᠦᠯ ᠤᠨ ᠡᠷᠡᠭᠦᠯ ᠡᠩᠬᠡ ᠶᠢᠨ ᠬᠤᠷᠳᠤᠨ ᠲᠡᠷᠭᠡ︾ ᠮᠠᠨ ᠤ ᠣᠷᠣᠨ ᠤ ᠬᠢᠯᠢ ᠬᠢᠵᠠᠭᠠᠷ ᠤᠨ 20 ᠬᠤᠰᠢᠭᠤ ᠰᠢᠶᠠᠨ ᠳᠤ ᠨᠤᠲᠤᠭᠰᠢᠪᠠ
ᠨᠡᠶᠢᠲᠡᠯᠡᠭᠰᠡᠨ ᠴᠠᠭ᠄
2024/11/27
     2022 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠤᠨ ᠠᠯᠪᠠᠨ ᠬᠡᠷ ᠤᠨ ᠢᠳᠡᠪᠬᠢᠳᠡᠢ ᠵᠣᠬᠢᠴᠠᠭᠤᠯᠤᠭᠰᠠᠨ ᠢᠶᠠᠷ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠮᠠᠨ ᠤ ᠣᠷᠣᠨ ᠳᠤ ︽ᠡᠬᠡᠴᠦᠦᠯ ᠤᠨ ᠡᠷᠡᠭᠦᠯ ᠡᠩᠬᠡ ᠶᠢᠨ ᠬᠤᠷᠳᠤᠨ ᠲᠡᠷᠭᠡ︾ 41 ᠣᠷᠤᠭᠤᠯᠵᠤ ᠦᠭᠪᠡ᠂ ᠲᠡᠳᠡᠭᠡᠷ ᠤᠨ ᠶᠡᠷᠦᠩᠬᠡᠶ ᠥᠷᠲᠡᠭ ᠨᠢ ᠪᠠᠷᠤᠭ 844 ᠲᠦᠮᠡᠨ ᠲᠥᠭᠦᠷᠢᠭ ᠪᠠᠶᠢᠵᠤ᠂ ᠬᠢᠯᠢ ᠬᠢᠵᠠᠭᠠᠷ ᠤᠨ 20 ᠬᠤᠰᠢᠭᠤ ᠰᠢᠶᠠᠨ ᠳᠤ ᠬᠡᠷᠡᠭᠯᠡᠭᠦᠯᠪᠡ᠃     ᠭᠤᠷᠪᠠᠨ ᠵᠢᠯ ᠤᠨ ᠲᠤᠷᠰᠢ᠂ ︽ᠡᠬᠡᠴᠦᠦᠯ ᠤᠨ ᠡᠷᠡᠭᠦᠯ ᠡᠩᠬᠡ ᠶᠢᠨ ᠬᠤᠷᠳᠤᠨ ᠲᠡᠷᠭᠡ︾ ᠨᠡᠶᠢᠲᠡ 845 ᠤᠳᠠᠭ᠎ᠠ ᠠᠶᠠᠨ ᠬᠦᠭᠡᠭᠡᠵᠦ᠂ ᠵᠢᠷᠮᠦᠰᠦᠨ ᠡᠮᠡᠭᠲᠡᠶ ᠵᠢᠴᠢ ᠠᠶᠤᠯᠲᠠᠶ ᠬᠦᠨᠳᠦ ᠡᠪᠡᠳᠴᠢᠲᠡᠨ ᠢ 7 ᠬᠥᠮᠦᠨ ᠤᠳᠠᠭ᠎ᠠ ᠰᠢᠯᠵᠢᠭᠦᠯᠦᠨ ᠵᠥᠭᠡᠭᠡᠪᠦᠷᠢᠯᠡᠵᠦ᠂ 307 ᠬᠥᠮᠦᠨ ᠢ ᠠᠪᠤᠷᠠᠨ ᠲᠤᠰᠠᠯᠠᠵᠤ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ 18658 ᠬᠥᠮᠦᠨ ᠤᠳᠠᠭ᠎ᠠ ᠦᠷᠨᠢᠭᠦᠯᠦᠨ᠂ ᠡᠮᠴᠢ ᠶᠢ 205 ᠬᠥᠮᠦᠨ ᠤᠳᠠᠭ᠎ᠠ ᠪᠣᠯᠪᠠᠰᠤᠷᠠᠯ ᠳᠤ ᠣᠷᠤᠯᠴᠠᠭᠤᠯᠵᠤ᠂ ᠠᠯᠪᠠᠨ ᠵᠢᠷᠤᠮ ᠤᠨ ᠡᠮᠴᠢᠯᠡᠭᠡ ᠯᠠᠪᠯᠠᠯᠭ᠎ᠠ ᠶᠢ 18017 ᠬᠥᠮᠦᠨ ᠤᠳᠠᠭ᠎ᠠ ᠥᠷᠨᠢᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ 17557 ᠬᠥᠮᠦᠨ ᠤᠳᠠᠭ᠎ᠠ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠪᠡ᠃
 
ᠢᠷᠡᠯᠲᠡ᠄ ᠦᠪᠦᠷ ᠮᠤᠩᠭᠤᠯ ᠶᠢᠨ ᠠᠷᠠᠳ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号