11 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ | ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠳᠤ ᠭᠦᠨᠵᠡᠭᠡᠶᠢᠷᠡᠨ ᠠᠷᠠᠳ ᠲᠤ ᠪᠣᠳᠠᠲᠠᠶ | ᠶᠠᠪᠤᠳᠠᠯ ᠬᠢᠬᠦ ᠪᠠ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ | ᠪᠠᠶᠢᠴᠠᠭᠠᠨ ᠰᠤᠳᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯᠲᠡ ᠶᠢ ᠪᠣᠶ | ᠪᠣᠯᠭᠠᠵᠤ᠂ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠠᠳᠬᠤᠨ᠂ ᠨᠠᠷᠢᠯᠢᠭ ᠪᠠᠶᠢᠬᠤ ᠶᠢ ᠳᠣᠪᠤᠶᠢᠯᠭᠠᠵᠤ᠂ | ᠰᠠᠭᠤᠷᠢ ᠲᠥᠬᠦᠭᠡᠷᠦᠮᠵᠢ ᠪᠠ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠳ | ᠣᠯᠠᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ | ᠭᠡᠵᠦ ᠴᠢᠬᠤᠯᠠᠴᠢᠯᠠᠪᠠ᠃ | ᠰᠢᠤᠢ ᠴᠧᠨ ᠬᠠᠢ ᠠᠨ ᠤ ᠠᠵᠢᠯᠴᠢᠨ ᠤ ᠡᠪᠯᠡᠯ ᠤᠨ ᠦᠷᠳᠡᠭᠡ᠂ ᠬᠠᠭᠤᠴᠢᠨ ᠪᠠᠶᠢᠰᠢᠩ ᠭᠡᠷ ᠤᠨ | ᠲᠣᠭᠤᠷᠢᠭ ᠲᠤ᠂ ᠪᠠᠢ ᠬᠠᠢ ᠯᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ | ᠦᠵᠡᠪᠡ᠃ ᠲᠡᠷᠡ᠂ ᠭᠠᠵᠠᠷ ᠣᠷᠣᠨ ᠤ ᠪᠣᠳᠠᠲᠤ ᠪᠠᠶᠢᠳᠠᠯ ᠳᠠᠭᠠᠨ ᠲᠣᠬᠢᠷᠠᠭᠤᠯᠵᠤ᠂ ᠪᠠᠶᠢᠷᠢᠯᠠᠭᠤᠯᠤᠯᠲᠠ ᠨᠢ ᠵᠦᠢ | ᠵᠣᠬᠢᠰᠲᠠᠢ᠂ ᠠᠷᠠᠳ ᠲᠤ ᠳᠥᠭᠦᠮ ᠦᠵᠡᠭᠦᠯᠬᠦ ᠶᠢ ᠪᠠᠷᠢᠮᠲᠠᠯᠠᠵᠤ᠂ ᠨᠢᠭᠡ ᠪᠦᠯᠦᠭ ᠤᠯᠠᠨ ᠨᠡᠶᠢᠲᠡ ᠶᠢᠨ ᠵᠤᠷᠯᠤᠩ ᠢ | ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠰᠠᠶᠢᠵᠢᠷᠠᠭᠤᠯᠵᠤ᠂ ᠣᠯᠠᠨ ᠨᠡᠶᠢᠲᠡ ᠳᠤ ᠠᠰᠢᠭᠯᠠᠭᠤᠯᠬᠤ ᠶᠢ | ᠲᠦᠷᠭᠡᠳᠬᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠪᠡᠯᠡ ᠮᠥᠩᠭᠦ ᠴᠤᠭᠯᠠᠭᠤᠯᠬᠤ᠂ ᠬᠡᠷᠡᠭᠵᠢᠭᠦᠯᠬᠦ ᠶᠢ | ᠠᠬᠢᠭᠤᠯᠬᠤ᠂ ᠬᠠᠮᠢᠶᠠᠷᠴᠤ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠠᠷᠠᠳ ᠤᠯᠠᠨ ᠤ ᠡᠳᠦᠷ ᠲᠤᠳᠤᠮ ᠤᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠰᠢᠯᠢᠨ ᠡᠮᠦᠨ᠎ᠡ ᠵᠠᠮ᠂ ᠲᠩᠷᠢ ᠵᠠᠮ ᠳᠤ᠂ ᠪᠠᠢ ᠬᠠᠢ ᠯᠢᠨ ᠬᠠᠭᠠᠰ ᠳᠤᠲᠠᠭᠤ ᠪᠦᠲᠦᠭᠡᠨ ᠪᠠᠶᠢᠭᠤᠯᠤᠭᠰᠠᠨ | ᠵᠠᠮ ᠵᠡᠷᠭᠡ ᠠᠷᠠᠳ ᠲᠤ ᠪᠣᠳᠠᠲᠠᠢ ᠶᠠᠪᠤᠳᠠᠯ ᠬᠢᠬᠦ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠤᠬᠠᠮᠰᠠᠷ ᠢᠶᠠᠨ ᠴᠢᠩᠭᠠᠳᠬᠠᠵᠤ᠂ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠡᠵᠡᠮᠳᠡᠵᠦ᠂ | ᠪᠤᠢ ᠪᠦᠬᠦᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ | ᠲᠦᠷᠭᠡᠳᠬᠡᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠨ ᠦᠨᠡᠨ ᠬᠦ ᠬᠤᠪᠢᠷᠠᠯᠲᠠ ᠭᠠᠷᠭᠠᠵᠦ᠂ | ᠠᠷᠠᠳ ᠤᠯᠠᠨ ᠳᠤ ᠪᠣᠳᠠᠲᠠᠢ ᠠᠰᠢᠭ ᠬᠦᠷᠲᠡᠭᠡᠬᠦ ᠬᠡᠷᠡᠭᠲᠡᠢ ᠃ ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ | ᠪᠣᠯ ᠪᠢᠳᠡ ᠬᠠᠷᠢᠭᠤ ᠲᠤᠰᠬᠠᠯ ᠲᠠᠢ ᠪᠠᠶᠢᠬᠤ︾ ᠶᠢ ᠪᠠᠲᠦ ᠡᠵᠡᠮᠳᠡᠵᠦ᠂ ᠢᠷᠡᠬᠦ ᠵᠢᠯ ᠤᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠰᠠᠨᠠᠯ ᠰᠠᠨᠠᠭᠤᠯᠭ᠎ᠠ ᠬᠤᠷᠢᠶᠠᠵᠤ᠂ | ᠲᠦᠷᠦᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠭᠤᠶᠤᠴᠢᠯᠠᠨ ᠂ ᠤᠯᠠᠨ ᠲᠦᠮᠡᠨ ᠤ ᠬᠦᠴᠢᠷᠲᠡᠢ | ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠠᠶ ᠬᠠᠶ ᠯᠢᠨ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ | ᠪᠠᠶᠢᠴᠠᠭᠠᠨ ᠰᠤᠳᠤᠯᠬᠤ ᠳᠠᠭᠠᠨ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ | ᠴᠢᠩᠭᠠᠳᠬᠠᠵᠤ᠂ ︽ ᠪᠤᠵᠠᠷ ᠪᠤᠷᠲᠠᠭ᠂ ᠡᠮᠬᠢ ᠵᠢᠷᠤᠮ ᠥᠬᠡᠶ᠂ ᠨᠦᠬᠦᠴᠡᠯ ᠪᠠᠷᠤᠭᠲᠠᠢ︾ ᠵᠡᠷᠭᠡ ᠲᠣᠪᠤᠶᠢᠮ᠎ᠠ | ᠠᠰᠠᠭᠤᠳᠠᠯ ᠢ ᠴᠢᠩᠭ᠎ᠠ ᠠᠩᠬᠠᠷᠴᠤ᠂ ︽ᠵᠠᠰᠠᠬᠤ᠂ ᠬᠠᠮᠢᠶᠠᠷᠬᠤ᠂ ᠪᠥᠲᠥᠭᠡᠨ ᠪᠠᠶᠢᠭᠤᠯᠬᠤ᠂ ᠰᠡᠷᠭᠡᠶᠢᠯᠡᠬᠦ︾ | ᠠᠵᠢᠯ ᠤᠨ ᠠᠷᠭ᠎ᠠ ᠬᠡᠮᠵᠢᠶ᠎ᠡ ᠪᠠᠨ ᠦᠷᠭᠦᠯᠵᠢᠯᠡᠨ ᠴᠢᠩᠭᠠᠳᠬᠠᠵᠤ᠂ ᠢᠵᠢ ᠪᠥᠷᠢᠳᠦᠭᠦᠯᠬᠦ ᠲᠥᠬᠦᠭᠡᠷᠦᠮᠵᠢ ᠶᠢ | ᠲᠡᠭᠦᠯᠳᠡᠷᠵᠢᠭᠦᠯᠦᠨ᠂ ᠬᠤᠲᠠ ᠶᠢᠨ ᠳᠦᠷᠢ ᠳᠦᠷᠬᠦ ᠶᠢ ᠡᠮᠬᠢ ᠵᠢᠷᠤᠮ ᠲᠠᠢ ᠪᠣᠯᠭᠠᠵᠤ᠂ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠦᠨ᠂ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨ | ᠬᠦ ᠰᠠᠶᠢᠵᠢᠷᠠᠭᠤᠯᠤᠨ ᠳᠡᠭᠡᠭᠰᠢᠯᠡᠭᠦᠯᠬᠦ ᠬᠡᠷᠡᠭᠲᠡᠶ ᠴᠢᠬᠤᠯᠠᠴᠢᠯᠠᠵᠠᠢ᠃ | ᠯᠢᠦ ᠴᠥᠩ ᠰᠢᠶᠤᠤ ᠪᠠᠶᠢᠴᠠᠭᠠᠨ ᠰᠣᠳᠣᠯᠣᠯᠲᠠ ᠳᠤ ᠣᠷᠣᠯᠴᠠᠵᠠᠢ᠃ | | | | |