ᠨᠢᠭᠡ᠂ ᠮᠡᠷᠭᠡᠵᠢᠯ ᠤᠨ ᠳᠠᠪᠠᠭᠤᠯᠢᠭ ᠨᠡᠷᠡᠨ ᠬᠤᠸᠠᠷ ᠤᠨ ᠲᠠᠪᠠᠭ ᠢ ᠬᠠᠳᠬᠤᠵᠤ ᠬᠠᠲᠠᠭᠠᠬᠤ ᠮᠡᠷᠭᠡᠵᠢᠯ ᠪᠣᠯ | ᠣᠭᠲᠣᠯᠵᠤ ᠠᠪᠤᠭᠰᠠᠨ ᠨᠡᠷᠡᠨ ᠬᠤᠸᠠᠷ ᠤᠨ ᠲᠠᠪᠠᠭ ᠢᠶᠠᠨ ᠡᠰᠢᠨ ᠳᠡᠭᠡᠷ᠎ᠡ ᠬᠠᠳᠬᠤᠵᠤ᠂ ᠨᠡᠷᠡᠨ ᠤ ᠭᠡᠷᠡᠯ ᠳᠣᠣᠷ᠎ᠠ | ᠬᠠᠲᠠᠭᠠᠬᠤ ᠨᠢᠭᠡ ᠵᠦᠢᠯ ᠤᠨ ᠬᠡᠷᠡᠭᠯᠡᠭᠡᠨ ᠤ ᠮᠡᠷᠭᠡᠵᠢᠯ ᠪᠣᠯᠣᠨ᠎ᠠ᠃ ᠲᠣᠰ ᠮᠡᠷᠭᠡᠵᠢᠯ ᠤᠨ ᠬᠠᠲᠠᠭᠠᠬᠤ ᠠᠰᠢᠭᠯᠠᠮᠵᠢ ᠨᠢ | ᠥᠨᠳᠥᠷ᠂ ᠬᠠᠲᠠᠭᠠᠬᠤ ᠦᠷ᠎ᠡ ᠪᠦᠲᠦᠭᠡᠯ ᠨᠢ ᠰᠠᠶᠢᠨ᠂ ᠥᠪᠡᠷ ᠤᠨ ᠥᠷᠲᠡᠭ ᠢ ᠨᠢ ᠪᠠᠭᠤᠷᠠᠭᠤᠯᠵᠤ ᠴᠢᠳᠠᠬᠤ | ᠮᠥᠷᠲᠡᠭᠡᠨ ᠴᠢᠨᠠᠷ ᠴᠢᠨᠰᠠᠭ᠎ᠠ ᠶᠢ ᠨᠢ ᠬᠠᠮᠠᠭᠠᠯᠠᠵᠤ ᠴᠢᠳᠠᠬᠤ ᠶᠢᠨ ᠬᠠᠮᠲᠤ ᠬᠡᠷᠡᠭᠯᠡᠬᠦ ᠳᠤ ᠲᠥᠬᠦᠮ ᠪᠣᠯᠬᠤᠷ | ᠳᠡᠯᠭᠡᠷᠡᠭᠦᠯᠦᠨ ᠬᠡᠷᠡᠭᠯᠡᠵᠦ ᠪᠣᠯᠣᠨ᠎ᠠ᠃ | ᠬᠤᠶᠠᠷ᠂ ᠲᠠᠪᠠᠭ ᠢ ᠬᠠᠳᠬᠤᠬᠤ ᠬᠤᠭᠤᠴᠠᠭ᠎ᠠ ᠢᠳᠡᠰᠢᠨ ᠤ ᠨᠡᠷᠡᠨ ᠬᠤᠸᠠᠷ ᠤᠨ ᠲᠠᠪᠠᠭ ᠤᠨ ᠠᠷᠤ ᠲᠠᠯ᠎ᠠ ᠨᠢ | ᠰᠢᠷᠠᠯᠠᠵᠤ᠂ ᠴᠡᠴᠡᠭ ᠤᠨ ᠲᠠᠪᠠᠭ ᠤᠨ ᠬᠥᠪᠡᠭᠡ ᠨᠢ ᠵᠢᠭᠠᠬᠠᠨ ᠨᠣᠭᠤᠭᠠᠨ᠂ ᠬᠡᠯᠡ ᠬᠡᠯᠪᠡᠷᠢᠲᠦ ᠴᠡᠴᠡᠭ ᠤᠨ | ᠬᠡᠯᠲᠡᠰ ᠨᠢ ᠦᠬᠦᠰᠢᠷᠡᠨ ᠬᠤᠪᠠᠭ᠋ᠠᠶᠢᠷᠠᠬᠤ ᠪᠤᠶᠤ ᠬᠠᠳᠠᠵᠤ᠂ ᠪᠠᠭᠯᠠᠭᠴᠢ ᠨᠠᠪᠴᠢ ᠨᠢ ᠰᠢᠷᠠᠯᠠᠵᠤ᠂ ᠨᠠᠪᠴᠢᠨ | ᠢᠯᠳᠠᠰᠤ ᠨᠢ ᠰᠢᠷᠠᠯᠠᠨ ᠨᠣᠭᠤᠭᠠᠷᠠᠬᠤ ᠪᠤᠶᠤ ᠰᠢᠷᠠᠯᠠᠨ ᠤᠨᠵᠢᠢᠵᠤ᠂ ᠵᠢᠮᠢᠰ ᠤᠨ ᠬᠠᠯᠢᠰᠤ ᠨᠢ ᠬᠠᠲᠠᠭᠤ ᠪᠣᠯᠪᠠᠯ | ᠳᠠᠷᠤᠢ ᠲᠠᠪᠠᠭ ᠢ ᠨᠢ ᠬᠠᠳᠬᠤᠨ ᠬᠠᠳᠠᠭᠠᠵᠤ ᠪᠣᠯᠤᠨ᠎ᠠ᠃ | ᠭᠤᠷᠪᠠ᠂ ᠠᠵᠢᠯᠯᠠᠬᠤ ᠠᠷᠭ᠎ᠠ ︽ᠬᠤᠶᠠᠷ ᠤᠬᠳᠤᠯᠵᠦ ᠨᠢᠭᠡ ᠬᠠᠳᠬᠤᠬᠤ︾ ᠠᠷᠭ᠎ᠠ ᠪᠠᠷ ᠲᠠᠪᠠᠭ ᠢ ᠨᠢ | ᠬᠠᠳᠬᠤᠵᠤ ᠬᠠᠲᠠᠭᠠᠨ᠎ᠠ᠂ ᠪᠣᠳᠠᠲᠠᠢ ᠬᠢᠬᠦ ᠠᠷᠭ᠎ᠠ ᠨᠢ ᠳᠣᠣᠷᠠᠬᠢ ᠮᠡᠲᠦ᠄ 1. ᠨᠢᠭᠡᠳᠦᠭᠡᠷ ᠤᠬᠳᠤᠯᠤᠯ ᠨᠢ | ᠴᠡᠴᠡᠭ ᠤᠨ ᠲᠠᠪᠠᠭ ᠢ ᠣᠭᠲᠣᠯᠣᠨ ᠠᠪᠴᠤ᠂ ᠬᠤᠶᠠᠳᠤᠭᠠᠷ ᠤᠬᠳᠤᠯᠤᠯ ᠨᠢ 80 cm ᠣᠷᠴᠢᠮ ᠤᠨ | ᠥᠨᠳᠥᠷ ᠤᠨ ᠬᠡᠮᠵᠢᠶ᠎ᠡ ᠪᠠᠷ ᠡᠰᠢ ᠶᠢ ᠨᠢ ᠲᠠᠰᠢᠭᠤ ᠤᠬᠳᠤᠯᠵᠦ᠂ ᠲᠠᠪᠠᠭ ᠤᠨ ᠭᠠᠳᠠᠷᠭᠤ ᠶᠢ ᠡᠮᠦᠨᠡᠰᠢ ᠵᠢᠰᠢᠭᠦᠦ | ᠳᠡᠭᠡᠭᠰᠢ ᠬᠠᠨᠳᠤᠭᠤᠯᠤᠨ ᠵᠣᠷᠭᠤᠵᠤ ᠲᠠᠯᠪᠢᠭᠰᠠᠨ ᠡᠰᠢ ᠶᠢᠨ ᠳᠡᠭᠡᠷ᠎ᠡ ᠬᠠᠳᠬᠤᠵᠤ᠂ ᠴᠡᠴᠡᠭ ᠤᠨ ᠲᠠᠪᠠᠭ ᠢ | ᠭᠠᠵᠠᠷ ᠤᠨ ᠭᠠᠳᠠᠷᠭᠤ ᠲᠠᠢ 45 ᠭᠷᠡᠳᠦ᠋ᠰ ᠤᠨ ᠥᠨᠴᠥᠭ ᠲᠠᠢ ᠪᠠᠶᠢᠯᠭᠠᠨ᠎ᠠ᠃ 2. ᠴᠡᠴᠡᠭ ᠤᠨ ᠲᠠᠪᠠᠭ ᠢ | ᠬᠠᠳᠬᠤᠭᠰᠠᠨ ᠤ ᠳᠠᠷᠠᠭ᠎ᠠ ᠴᠠᠭ ᠠᠭᠤᠷ ᠤᠨ ᠪᠠᠶᠢᠳᠠᠯ ᠢ ᠦᠵᠡᠵᠦ 7~10 ᠡᠳᠦᠷ ᠨᠡᠷᠡᠨ ᠳᠤ ᠡᠭᠡᠭᠡᠵᠦ᠂ | ᠮᠥᠬᠦᠯᠢᠭ ᠤᠨ ᠤᠰᠤᠨ ᠤ ᠠᠭᠤᠯᠤᠭᠳᠠᠴᠠ ᠨᠢ 15% ᠠᠴᠠ ᠳᠣᠷᠣᠭᠰᠢ ᠪᠣᠯᠬᠤ ᠦᠶ᠎ᠡ ᠳᠤ ᠲᠠᠪᠠᠭ ᠢᠶᠠᠨ | ᠬᠤᠷᠢᠶᠠᠵᠤ᠂ ᠮᠦᠯᠢᠭᠦᠨᠡ᠃ 3. ᠲᠤᠬᠠᠢ ᠶᠢᠨ ᠭᠠᠵᠠᠷ ᠤᠨ ᠪᠠᠶᠢᠳᠠᠯ ᠢ ᠦᠨᠳᠦᠰᠦᠯᠡᠨ᠂ ᠲᠣᠮᠣ ᠬᠡᠯᠪᠡᠷᠢ ᠶᠢᠨ ᠪᠤᠶᠤ | ᠵᠢᠵᠢᠭ ᠬᠡᠯᠪᠡᠷᠢ ᠶᠢᠨ ᠮᠥᠯᠢᠬᠦ ᠮᠠᠰᠢᠨ ᠢ ᠰᠣᠩᠭᠤᠨ ᠮᠥᠯᠢᠵᠦ᠂ ᠬᠥᠮᠥᠨ ᠤ ᠬᠦᠴᠦ ᠪᠠᠷ ᠬᠠᠪᠰᠤᠷᠤᠨ ᠬᠤᠷᠢᠶᠠᠬᠤ | ᠪᠠ ᠮᠠᠲ᠋ᠧᠷᠢᠶᠠᠯ ᠣᠷᠤᠭᠤᠯᠤᠨ᠎ᠠ᠃ | ᠳᠥᠷᠪᠡ᠂ ᠠᠩᠬᠠᠷᠬᠤ ᠵᠦᠢᠯ 1. ᠬᠤᠭ ᠡᠪᠡᠰᠦ ᠶᠢ ᠠᠷᠢᠯᠭᠠᠬᠤ᠃ ᠮᠥᠯᠢᠬᠦ ᠮᠠᠰᠢᠨ ᠢᠶᠠᠷ ᠠᠵᠢᠯᠯᠠᠬᠤ ᠳᠠᠭᠠᠨ | ᠬᠥᠬᠡ ᠳᠡᠯᠳᠡᠦ᠂ ᠵᠠᠩᠭᠤᠤ ᠵᠡᠷᠭᠡ ᠬᠤᠭ ᠡᠪᠡᠰᠦ ᠶᠢ ᠵᠠᠶᠢᠯᠠᠭᠤᠯᠬᠤ ᠪᠤᠶᠤ ᠠᠷᠢᠯᠭᠠᠬᠤ ᠶᠢ ᠠᠩᠬᠠᠷᠴᠤ᠂ ᠨᠡᠷᠡᠨ | ᠬᠤᠸᠠᠷ ᠲᠤ ᠬᠤᠯᠢᠯᠳᠤᠨ ᠣᠷᠣᠵᠤ ᠦᠷ᠎ᠡ ᠶᠢᠨ ᠲᠠᠸᠠᠷ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠠᠴᠠ ᠰᠡᠷᠭᠡᠶᠢᠯᠡᠬᠦ | ᠬᠡᠷᠡᠭᠲᠡᠢ᠃ 2. ᠬᠡᠪ ᠤᠨ ᠪᠤᠰᠤ ᠴᠡᠴᠡᠭ ᠤᠨ ᠲᠠᠪᠠᠭ᠃ ᠬᠤᠷᠢᠶᠠᠬᠤ ᠶᠠᠪᠤᠴᠠ ᠳᠤ ᠭᠠᠵᠠᠷ ᠤᠨᠠᠭᠰᠠᠨ᠂ | ᠡᠪᠡᠳᠴᠢᠨ ᠤ ᠬᠤᠣᠷ ᠬᠥᠨᠥᠭᠡᠯ ᠤᠨ ᠸᠠᠯᠠᠵᠤ ᠢᠯᠵᠢᠷᠡᠭᠰᠡᠨ ᠲᠠᠪᠠᠭ᠂ ᠬᠤᠯᠢᠮᠠᠭ ᠲᠠᠪᠠᠭ ᠢ ᠠᠷᠢᠯᠭᠠᠬᠤ ᠶᠢ | ᠠᠩᠬᠠᠷᠴᠤ᠂ ᠸᠠᠯᠠᠭᠰᠠᠨ ᠦᠷ᠎ᠡ ᠪᠠ ᠣᠨᠳᠣᠣ ᠲᠦᠷᠦᠯ ᠤᠨ ᠦᠷ᠎ᠡ ᠶᠢ ᠬᠤᠯᠢᠯᠳᠤᠭᠤᠯᠤᠨ ᠣᠷᠤᠭᠤᠯᠣᠭᠰᠠᠨ ᠠᠴᠠ | ᠲᠠᠸᠠᠷ ᠤᠨ ᠴᠢᠨᠠᠷ ᠴᠢᠨᠰᠠᠭ᠎ᠠ ᠶᠢ ᠪᠠᠭᠤᠷᠠᠭᠤᠯᠤᠨ᠂ ᠪᠣᠷᠣᠯᠠᠭᠤᠯᠬᠤ ᠦᠨ᠎ᠡ ᠶᠢ ᠨᠥᠯᠥᠭᠡᠯᠡᠬᠦ ᠠᠴᠠ ᠵᠠᠶᠢᠯᠠᠰᠬᠢᠬᠦ | ᠬᠡᠷᠡᠭᠲᠡᠢ᠃ 3. ᠬᠤᠷᠢᠶᠠᠨ ᠠᠪᠤᠭᠰᠠᠨ ᠤ ᠳᠠᠷᠠᠭᠠᠬᠢ ᠲᠠᠷᠢᠶᠠᠨ ᠭᠠᠵᠠᠷ ᠢ ᠴᠡᠪᠡᠷᠯᠡᠬᠦ᠃ ᠴᠡᠴᠡᠭ ᠤᠨ ᠲᠠᠪᠠᠭ ᠢ | ᠬᠤᠷᠢᠶᠠᠭᠰᠠᠨ ᠤ ᠳᠠᠷᠠᠭ᠎ᠠ᠂ ᠲᠠᠷᠢᠶᠠᠨ ᠭᠠᠵᠠᠷ ᠤᠨ ᠡᠰᠢ ᠰᠦᠷᠡᠯ ᠪᠠ ᠦᠯᠡᠳᠡᠭᠳᠡᠯ ᠪᠦᠷᠬᠦᠪᠴᠢ ᠶᠢ ᠴᠠᠭ | ᠲᠤᠬᠠᠢ ᠳᠤᠨᠢ ᠴᠡᠪᠡᠷᠯᠡᠵᠦ᠂ ᠡᠪᠦᠯᠵᠢᠬᠦ ᠡᠪᠡᠳᠴᠢᠨ ᠬᠤᠷᠣᠬᠠᠢ ᠶᠢᠨ ᠰᠠᠭᠤᠷᠢ ᠲᠤᠭ᠎ᠠ ᠶᠢ ᠳᠣᠷᠣᠭᠰᠢᠯᠠᠭᠤᠯᠬᠤ | ᠬᠡᠷᠡᠭᠲᠡᠢ᠃ |