11 ᠰᠠᠷ᠎ᠠ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ | ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ | ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ | ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠠᠯᠲᠠ ᠡᠭᠦᠷᠭᠡ ᠪᠣᠯᠤᠨ ᠦᠢᠯᠡᠳᠦᠯᠭᠡ ᠶᠢᠨ | ᠱᠠᠭᠠᠷᠳᠠᠯᠭ᠎ᠠ ᠶᠢ ᠪᠠᠲᠤ ᠡᠵᠡᠮᠰᠢᠵᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠨᠵᠢᠯᠡᠬᠦ | ᠤᠬᠠᠭᠠᠨᠴᠢ ᠠᠷᠭ᠎ᠠ ᠶᠢ ᠡᠷᠬᠢᠮᠯᠡᠵᠦ᠂ ᠥᠭᠡᠷᠡᠴᠢᠯᠡᠯᠲᠡ ᠶᠢ ᠦᠷᠬᠦᠯᠵᠢᠯᠡᠬᠦᠯᠬᠦ ᠪᠣᠯᠤᠨ ᠪᠡᠶ᠎ᠡ ᠪᠠᠨ ᠳᠠᠭᠠᠭᠠᠭᠰᠠᠨ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ | ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠬᠦᠳᠦᠯᠦᠨ ᠳᠠᠭᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ | ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠠᠭ ᠲᠤᠬᠠᠶ ᠳᠤᠨᠢ ᠪᠡᠶᠡᠯᠡᠭᠦᠯᠵᠦ᠂ ︽ | ᠨᠠᠰᠤᠲᠠᠨ ᠨᠢᠯᠬᠠᠰ︾ ᠲᠤ ᠦᠢᠯᠡᠴᠢᠯᠡᠬᠦ ᠴᠢᠳᠠᠪᠤᠷᠢ ᠬᠢᠷᠢ ᠲᠦᠪᠰᠢᠨ ᠢ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠶ | ᠬᠥᠮᠦᠰ ᠢ ᠬᠠᠷᠠᠭᠠᠯᠵᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠠᠶᠢᠮᠠᠭ ᠤᠨ ᠠᠷᠠᠳ ᠤᠨ ᠶᠠᠪᠤᠳᠠᠯ ᠤᠨ ᠠᠵᠢᠯ ᠢ | ᠰᠢᠨ᠎ᠡ ᠳᠦᠪᠰᠢᠨ ᠳᠤ ᠬᠦᠷᠭᠡᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠪᠠᠶᠢᠳᠠᠯ ᠢ ᠰᠣᠨᠣᠰᠴᠤ᠂ | ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ | ᠬᠢᠨᠠᠮᠠᠭᠠᠶ ᠥᠷᠨᠢᠭᠦᠯᠵᠦ᠂ ᠬᠠᠮᠠᠭᠠᠯᠠᠨ ᠬᠠᠮᠢᠶᠠᠷᠬᠤ᠂ ᠤᠬᠠᠭᠤᠯᠤᠨ ᠳᠡᠯᠭᠡᠷᠡᠭᠦᠯᠬᠦ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠬᠤ᠂ ᠨᠠᠷᠠᠲᠤ ᠲᠡᠮᠳᠡᠭᠲᠦ ᠶᠢ ᠡᠭᠦᠳᠬᠦ ᠵᠡᠷᠭᠡ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠠᠯᠠᠱᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠥᠯᠢᠭᠡᠷ᠂ ᠰᠣᠶᠣᠯ ᠤᠨ ᠥᠯᠢᠭᠡᠷ ᠢ ᠰᠠᠶᠢᠲᠤᠷ ᠶᠠᠷᠢᠬᠤ | ᠬᠡᠷᠡᠭᠲᠡᠶ᠃ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠨ | ᠬᠠᠮᠢᠶᠠᠷᠬᠤ ᠬᠠᠷᠢᠭᠤᠴᠠᠯᠭ᠎ᠠ ᠪᠠ ᠰᠢᠭᠤᠳ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ | ᠲᠥᠷᠥᠯ ᠵᠦᠢᠯ ᠤᠨ ᠤᠷᠢᠳᠠᠴᠢ ᠬᠢᠨᠠᠨ ᠪᠠᠶᠢᠴᠠᠭᠠᠯᠲᠠ ᠶᠢ ᠰᠠᠶᠢᠲᠤᠷ ᠬᠢᠵᠦ᠂ ᠲᠡᠤᠬᠡ ᠶᠢᠨ ᠳᠤᠷᠠᠰᠬᠠᠯᠲᠤ ᠵᠦᠢᠯ ᠢ | ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠪᠠᠶᠢᠩᠭᠤ ᠠᠷᠢᠯᠭᠠᠵᠦ ᠪᠠᠶᠢᠭ᠎ᠠ ᠪᠠᠶᠢᠳᠠᠯ ᠢ ᠰᠣᠨᠣᠰᠴᠤ᠂ | ᠥᠨᠳᠥᠷ ᠳᠠᠷᠤᠯᠲᠠᠲᠤ ᠴᠢᠩᠭ᠎ᠠ ᠴᠣᠬᠢᠯᠲᠠ ᠥᠭᠬᠦ ᠪᠠᠶᠢᠳᠠᠯ ᠢ ᠢᠮᠠᠭᠲᠠ ᠪᠠᠲᠤᠯᠠᠵᠤ᠂ ᠡᠷᠴᠢᠮ ᠢᠶᠠᠨ ᠰᠤᠯᠠᠷᠠᠭᠤᠯᠬᠤ | ᠦᠭᠡᠢ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ ᠪᠠᠶᠢᠵᠤ᠂ ᠰᠦᠪᠡᠭᠴᠢ ᠶᠢ ᠬᠢᠨᠠᠨ ᠪᠠᠶᠢᠴᠠᠭᠠᠬᠤ ᠪᠠ ᠬᠡᠷᠡᠭ ᠢ | ᠰᠢᠢᠳᠪᠦᠷᠢᠯᠡᠬᠦ ᠶᠢ ᠴᠢᠩᠭᠠᠳᠬᠠᠵᠤ᠂ ᠠᠵᠢᠯ ᠲᠥᠷᠥᠯ ᠤᠨ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ᠶᠢ | ᠪᠠᠶᠢᠩᠭᠤ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠷᠡᠮᠡᠭᠴᠡ | ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠪᠣᠶ ᠪᠣᠯᠬᠤ ᠦᠨᠳᠦᠰᠦ ᠰᠠᠭᠤᠷᠢ ᠶᠢ ᠡᠷᠡᠰ | ᠠᠷᠢᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠤ ᠠᠭᠤᠷᠬᠠᠢ ᠶᠢᠨ ᠠᠮᠤᠷ ᠲᠦᠪᠰᠢᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠢᠴᠢ | ᠬᠤᠯᠠᠭᠠᠶᠢᠯᠠᠨ ᠮᠠᠯᠲᠠᠬᠤ ᠳᠤ ᠴᠣᠬᠢᠯᠳᠠ ᠦᠭᠭᠦ ᠲᠤᠰᠬᠠᠢ ᠵᠠᠰᠠᠯᠲᠠ ᠶᠢᠨ ᠪᠠᠶᠢᠳᠠᠯ ᠢ ᠰᠣᠨᠣᠰᠴᠤ᠂ ᠠᠵᠢᠯ ᠤᠨ ᠦᠷ᠎ᠡ | ᠪᠦᠲᠦᠮᠵᠢ ᠪᠠᠨ ᠪᠠᠬᠢᠵᠢᠭᠦᠯᠦᠨ ᠳᠡᠭᠡᠭᠰᠢᠯᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ | ᠪᠠᠲᠤᠲᠠᠢ ᠰᠠᠶᠢᠲᠤᠷ ᠠᠳᠬᠤᠵᠤ᠂ ᠠᠭᠤᠷᠬᠠᠢ ᠶᠢᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠣᠯᠤᠨ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ᠪᠠᠰᠠ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠪᠠᠶᠢᠳᠠᠯ ᠢ | ᠰᠣᠨᠣᠰᠴᠤ᠂ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢ ᠵᠣᠬᠢᠴᠠᠭᠤᠯᠬᠤ ᠲᠣᠭᠲᠠᠴᠠ ᠶᠢ | ᠠᠬᠢᠭᠤᠯᠬᠤ ᠵᠡᠷᠭᠡ ᠵᠦᠢᠯᠡᠰ ᠢ ᠰᠤᠳᠤᠯᠵᠠᠢ᠃ |