ᠮᠠᠨ ᠤ ᠤᠷᠤᠨ ᠬᠦᠩᠭᠡᠨᠴᠠᠭᠠᠨ ᠤ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠰᠠᠨᠠᠯ ᠤᠳ ᠢ ᠳᠤᠭᠳᠠᠭᠠᠨ ᠨᠡᠶᠢᠳᠡᠯᠡᠪᠡ
ᠨᠡᠶᠢᠲᠡᠯᠡᠭᠰᠡᠨ ᠴᠠᠭ᠄
2024/11/8
    ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ ᠢᠶᠠᠷ᠂ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ ᠤᠶᠢᠷ᠎ᠠ ᠳᠤ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠩᠭᠡᠨᠴᠠᠭᠠᠨ ᠤ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠡ  ᠶᠢ ᠠᠬᠢᠭᠤᠯᠬᠤ ᠰᠠᠨᠠᠯ ᠤᠳ︾ ᠢ ᠳᠤᠭᠳᠠᠭᠠᠨ ᠨᠡᠶᠢᠳᠡᠯᠡᠪᠡ᠃    ᠲᠤᠰ ᠰᠠᠨᠠᠯ ᠤᠳ ᠲᠤ᠂ ᠮᠠᠨ ᠤ ᠤᠷᠤᠨ ᠲᠦᠬᠦᠭᠡᠢ ᠮᠠᠲ᠋ᠧᠷᠢᠶᠠᠯ ᠤᠨ ᠬᠠᠩᠭᠠᠯᠭ᠎ᠠ ᠶᠢᠨ ᠪᠠᠳᠤᠯᠠᠭ᠎ᠠ ᠶᠢ ᠴᠢᠩᠭᠠᠳᠬᠠᠬᠤ᠂ ᠠᠵᠤ ᠦᠢᠯᠡᠰ ᠤᠨ ᠰᠢᠯᠵᠢᠯᠳᠡ ᠶᠢ ᠢᠳᠡᠪᠬᠢᠳᠠᠢ ᠬᠦᠯᠢᠶᠡᠨ ᠠᠪᠬᠤ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ ᠢ ᠨᠡᠩ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠶᠢ ᠠᠬᠢᠭᠤᠯᠬᠤ᠂ ᠰᠢᠨᠡᠳᠭᠡᠮᠡᠯ ᠬᠦᠩᠭᠡᠨᠴᠠᠭᠠᠨ ᠤ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠬᠦ᠂ ᠲᠦᠬᠦᠭᠡᠷᠦᠮᠵᠢ ᠪᠠᠨ ᠰᠢᠨᠡᠴᠢᠯᠡᠬᠦ ᠪᠠ ᠮᠡᠷᠭᠡᠵᠢᠯ ᠤᠨ ᠦᠭᠡᠷᠡᠴᠢᠯᠡᠯᠳᠡ ᠬᠢᠬᠦ ᠶᠢ ᠠᠬᠢᠭᠤᠯᠬᠤ᠂ ᠮᠡᠷᠭᠡᠵᠢᠯ ᠤᠨ ᠰᠢᠨ᠎ᠠ ᠶᠢ ᠡᠭᠦᠳᠬᠦ ᠶᠢ ᠴᠢᠩᠭᠠᠳᠬᠠᠬᠤ᠂ ᠪᠠᠷᠢᠮᠵᠢᠶ᠎ᠠ ᠶᠢ ᠰᠤᠳᠤᠯᠤᠨ ᠳᠤᠭᠳᠠᠭᠠᠬᠤ ᠠᠵᠢᠯ ᠢ ᠴᠢᠩᠭᠠᠳᠬᠠᠬᠤ᠂ ᠬᠦᠩᠭᠡᠨᠴᠠᠭᠠᠨ ᠤ ᠠᠵᠤ ᠦᠢᠯᠡᠰ ᠤᠨ ᠲᠤᠮᠤ ᠳᠤᠮᠳᠠ ᠪᠠᠭ᠎ᠠ ᠠᠵᠤ ᠠᠬᠤᠶᠢᠯᠠᠯ ᠤᠨ ᠬᠠᠮᠵᠢᠯᠴᠠᠭᠰᠠᠨ ᠬᠦᠭᠵᠢᠯᠳᠡ ᠶᠢ ᠠᠬᠢᠭᠤᠯᠬᠤ ᠵᠡᠷᠭᠡ 8 ᠲᠠᠯ᠎ᠠ ᠶᠢᠨ ᠠᠷᠭ᠎ᠠ ᠬᠡᠮᠵᠢᠶ᠎ᠠ ᠠᠪᠴᠤ ᠪᠦᠬᠦ ᠤᠷᠤᠨ ᠤ ᠬᠦᠩᠭᠡᠨᠴᠠᠭᠠᠨ ᠤ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢ ᠳᠤᠷᠠᠳᠪᠠ᠃ ᠡᠭᠦᠨ ᠳᠤ ᠳᠡᠭᠡᠳᠦ ᠴᠢᠳᠠᠪᠬᠢᠳᠦ ᠬᠤᠪᠤᠷ ᠰᠢᠷᠦ᠋ᠢᠳᠤ ᠬᠦᠩᠭᠡᠨᠴᠠᠭᠠᠨ᠂ ᠬᠦᠩᠭᠡᠨᠴᠠᠭᠠᠨᠳᠤ ᠮᠠᠭᠨᠢ᠂ ᠬᠦᠩᠭᠡᠨᠴᠠᠭᠠᠨᠳᠤ ᠯᠢᠲ᠋ᠢ᠂ ᠬᠦᠩᠭᠡᠨᠴᠠᠭᠠᠨᠳᠤ ᠰᠺᠠᠨᠳᠢ ᠵᠡᠷᠭᠡ ᠳᠡᠭᠡᠳᠦ ᠴᠢᠳᠠᠪᠬᠢᠳᠦ ᠬᠦᠩᠭᠡᠨᠴᠠᠭᠠᠨ ᠤ ᠬᠠᠶᠢᠯᠤᠰᠢ ᠪᠠ ᠳᠡᠭᠡᠳᠦ ᠳᠡᠰ ᠤᠨ ᠬᠦᠩᠭᠡᠨᠴᠠᠭᠠᠨ ᠤ ᠦᠢᠯᠡᠳᠭᠦᠨ ᠢ ᠦᠢᠯᠡᠳᠪᠤᠷᠢᠯᠡᠬᠦ ᠦᠢᠯᠡᠰ ᠢ ᠶᠡᠭᠡ ᠪᠠᠷ ᠬᠦᠭᠵᠢᠭᠦᠯᠵᠦ᠂ ᠰᠢᠨ᠎ᠠ ᠪᠠᠷ ᠪᠦᠲᠦᠭᠡᠨ ᠪᠠᠶᠢᠭᠤᠯᠵᠤ ᠠᠰᠢᠭᠯᠠᠯᠳᠠ ᠳᠤ ᠤᠷᠤᠭᠰᠠᠨ ᠬᠦᠩᠭᠡᠨᠴᠠᠭᠠᠨ ᠤ ᠳᠡᠭᠡᠳᠦ ᠳᠡᠰ ᠤᠨ ᠨᠠᠷᠢᠯᠢᠭ ᠡᠳ᠋ᠰᠢᠭᠦᠯᠬᠦ ︵ᠦᠢᠯᠡᠳᠭᠦᠨ ᠤ ᠦᠷᠳᠡᠭ ᠨᠢ ᠴᠠᠬᠢᠯᠭᠠᠨ ᠵᠠᠳᠠᠯᠤᠯ ᠤᠨ ᠬᠦᠩᠭᠡᠨᠴᠠᠭᠠᠨ ᠤ 1.5 ᠳᠠᠬᠢᠨ ᠢ ᠳᠠᠪᠠᠭ᠋ᠤ︶ ᠲᠦᠷᠦᠯ ᠵᠦᠢᠯ ᠳᠤ ᠪᠦᠲᠦᠭᠡᠨ ᠪᠠᠶᠢᠭᠤᠯᠬᠤ ᠦᠶᠡᠰ ᠤᠨ ᠵᠢᠭᠡᠯᠡᠯᠭᠡ  ᠶᠢᠨ ᠬᠦᠦ ᠮᠦᠩᠬᠦ ᠶᠢᠨ ᠨᠤᠷᠮ᠎ᠠ ᠶᠢᠨ 2%  ᠢᠶᠠᠷ ᠨᠢᠭᠡ ᠯᠡ ᠤᠳᠠᠭ᠎ᠠ ᠶᠢᠨ ᠴᠢᠨᠠᠷᠳᠠᠢ ᠬᠦᠦ ᠮᠦᠩᠬᠦ ᠶᠢᠨ ᠱᠠᠩᠨᠠᠯ ᠨᠦᠬᠦᠪᠤᠷᠢ ᠦᠭᠴᠤ᠂ ᠬᠠᠮᠤᠭ ᠤᠨ ᠶᠡᠭᠡ ᠳᠡᠭᠡᠨ 1000 ᠲᠦᠮᠡᠨ ᠲᠦᠭᠦᠷᠢᠭ ᠤᠨ ᠱᠠᠩᠨᠠᠯ ᠨᠦᠬᠦᠪᠤᠷᠢ ᠤᠯᠭᠤᠨ᠎ᠠ︔ ᠰᠢᠨᠡᠳᠭᠡᠮᠡᠯ ᠬᠦᠩᠭᠡᠨᠴᠠᠭᠠᠨ ᠢ ᠡᠷᠬᠢᠯᠳᠦᠭᠦᠯᠦᠨ ᠠᠰᠢᠭᠯᠠᠬᠤ ᠰᠢᠰᠲ᠋ᠧᠮ ᠤᠨ ᠪᠠᠶᠢᠭᠤᠯᠤᠯᠳᠠ ᠶᠢ ᠳᠦᠷᠭᠡᠳᠭᠡᠵᠦ᠂ ᠰᠢᠨ᠎ᠠ ᠪᠠᠷ ᠪᠦᠲᠦᠭᠡᠨ ᠪᠠᠶᠢᠭᠤᠯᠵᠤ ᠠᠰᠢᠭᠯᠠᠯᠳᠠ ᠳᠤ ᠤᠷᠤᠭᠰᠠᠨ ᠰᠢᠨᠡᠳᠭᠡᠮᠡᠯ ᠬᠦᠩᠭᠡᠨᠴᠠᠭᠠᠨ ᠤ ᠳᠡᠭᠡᠳᠦ ᠳᠡᠰ ᠤᠨ ᠨᠠᠷᠢᠯᠢᠭ ᠡᠳ᠋ᠰᠢᠭᠦᠯᠬᠦ ︵ᠦᠢᠯᠡᠳᠭᠦᠨ ᠤ ᠦᠷᠳᠡᠭ ᠨᠢ ᠰᠢᠨᠡᠳᠭᠡᠮᠡᠯ ᠬᠦᠩᠭᠡᠨᠴᠠᠭᠠᠨ ᠤ 1.5 ᠳᠠᠬᠢᠨ ᠢ ᠳᠠᠪᠠᠭ᠋ᠤ︶ ᠲᠦᠷᠦᠯ ᠵᠦᠢᠯ ᠳᠤ ᠪᠦᠲᠦᠭᠡᠨ ᠪᠠᠶᠢᠭᠤᠯᠬᠤ ᠦᠶᠡᠰ ᠤᠨ ᠵᠢᠭᠡᠯᠡᠯᠭᠡ ᠶᠢᠨ ᠬᠦᠦ ᠮᠦᠨᠬᠦ ᠶᠢᠨ ᠨᠤᠷᠮ᠎ᠠ ᠶᠢᠨ 2%  ᠢᠶᠠᠷ ᠨᠢᠭᠡ ᠯᠡ ᠤᠳᠠᠭ᠎ᠠ ᠶᠢᠨ ᠴᠢᠨᠠᠷᠳᠠᠢ ᠬᠦᠦ ᠮᠦᠩᠬᠦ ᠶᠢᠨ ᠱᠠᠩᠨᠠᠯ ᠨᠦᠬᠦᠪᠤᠷᠢ ᠦᠭᠴᠤ᠂ ᠬᠠᠮᠤᠭ ᠤᠨ ᠶᠡᠭᠡ ᠳᠡᠭᠡᠨ 1000 ᠲᠦᠮᠡᠨ ᠲᠦᠭᠦᠷᠢᠭ ᠤᠨ ᠱᠠᠩᠨᠠᠯ ᠨᠦᠬᠦᠪᠤᠷᠢ ᠤᠯᠭᠤᠨ᠎ᠠ ᠭᠡᠬᠦ ᠵᠡᠷᠭᠡ ᠱᠠᠩᠨᠠᠯ ᠨᠦᠬᠦᠪᠤᠷᠢ ᠤᠯᠭᠤᠬᠤ ᠲᠦᠷᠦ ᠶᠢᠨ ᠪᠤᠳᠤᠯᠭ᠎ᠠ ᠶᠢ ᠳᠤᠷᠠᠳᠴᠠᠢ᠃ ᠱᠠᠩᠨᠠᠯ ᠨᠦᠬᠦᠪᠤᠷᠢ ᠶᠢᠨ ᠬᠡᠷᠡᠭᠰᠡᠬᠦ ᠪᠡᠯᠡ ᠮᠦᠩᠬᠦ ᠶᠢ ᠴᠦᠮ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠤ ᠦᠢᠯᠡᠰ ᠢ ᠬᠦᠭᠵᠢᠭᠦᠯᠬᠦ ᠲᠤᠰᠬᠠᠢ ᠪᠡᠯᠡ ᠮᠦᠩᠬᠦ ᠪᠠᠷ ᠨᠢᠭᠡᠳᠦᠯᠳᠠᠢ ᠲᠦᠯᠦᠪᠵᠢᠭᠦᠯᠦᠨ ᠤᠯᠭᠤᠨ᠎ᠠ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号