ᠮᠠᠯᠵᠢᠬᠤ ᠲᠠᠷᠢᠶᠠᠯᠠᠬᠤ ᠣᠷᠣᠨ ᠤ ᠠᠶᠢᠯ ᠡᠷᠦᠬᠡ ᠴᠡᠪᠡᠷ ᠡᠨᠧᠷᠭᠢ ᠶᠢᠨ ᠲᠤᠯᠠᠭᠠᠯᠠᠭ᠎ᠠ ᠬᠡᠷᠡᠭᠯᠡᠬᠦ ᠪᠤᠯᠪᠠ
ᠨᠡᠶᠢᠲᠡᠯᠡᠭᠰᠡᠨ ᠴᠠᠭ᠄
2024/12/12
    ᠠᠯᠠᠱᠠ ᠵᠡᠭᠦᠨ ᠬᠤᠰᠢᠭᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠬᠤ ︽ᠨᠡᠭᠦᠷᠡᠰᠤᠨ ᠲᠤᠯᠠᠭᠠᠯᠠᠭ᠎ᠠ ᠶᠢ ᠴᠠᠬᠢᠯᠭᠠᠨ ᠲᠤᠯᠠᠭᠠᠯᠠᠭ᠎ᠠ ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠮᠠᠯᠴᠢᠨ ᠲᠠᠷᠢᠶᠠᠴᠢᠳ ᠤᠨ ᠳᠤᠯᠠᠭᠠᠯᠠᠭ᠎ᠠ ᠶᠢᠨ ᠨᠥᠬᠦᠴᠡᠯ ᠢ ᠰᠠᠶᠢᠵᠢᠷᠠᠭᠤᠯᠵᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠬᠦᠯᠦᠨ ᠪᠣᠬᠢᠷᠲᠤᠯ ᠥᠬᠡᠶ ᠴᠡᠪᠡᠷ ᠡᠨᠧᠷᠭᠢ ᠶᠢ ᠮᠠᠯᠵᠢᠬᠤ ᠲᠠᠷᠢᠶᠠᠯᠠᠬᠤ ᠣᠷᠣᠨ ᠤ ᠠᠶᠢᠯ ᠡᠷᠦᠬᠡ ᠳᠤ ᠡᠳ᠋ᠯᠡᠬᠦᠯᠪᠡ᠃    ᠠᠯᠠᠱᠠ ᠵᠡᠬᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠲᠡᠮᠦᠷ ᠡᠬᠦᠳᠡ ᠭᠠᠴᠠᠭᠠᠨ ᠤ ᠾᠧ ᠰᠢᠶᠠᠨ ᠯᠢᠨ ᠤ ᠬᠢ ᠡᠨᠡ ᠵᠢᠯ᠂ ᠵᠠᠰᠠᠭ ᠤᠨ ᠣᠷᠳᠣᠨ ᠤ ᠳᠡᠮᠵᠢᠯᠬᠡ ᠪᠠᠷ ᠨᠡᠭᠦᠷᠡᠰᠤᠨ ᠲᠤᠯᠠᠭᠠᠯᠠᠭ᠎ᠠ ᠶᠢ ᠴᠠᠬᠢᠯᠭᠠᠨ ᠲᠤᠯᠠᠭᠠᠯᠠᠭ᠎ᠠ ᠪᠣᠯᠭᠠᠨ ᠥᠭᠡᠷᠡᠴᠢᠯᠡᠬᠦ ᠳᠤᠯᠠᠭᠠᠯᠠᠬᠤ ᠲᠥᠬᠦᠭᠡᠷᠦᠮᠵᠢ ᠤᠭᠰᠠᠷᠠᠵᠠᠢ᠃ ᠡᠨᠡ ᠬᠦ ᠲᠥᠬᠦᠭᠡᠷᠦᠮᠵᠢ ᠨᠢ ᠥᠪᠡᠷ ᠤᠨ ᠥᠷᠲᠡᠭ ᠳᠣᠣᠷ᠎ᠠ᠂ ᠬᠡᠷᠡᠭᠯᠡᠬᠦ ᠳᠤ ᠬᠢᠯᠪᠠᠷ᠂ ᠳᠤᠯᠠᠭᠠᠯᠠᠬᠤ ᠳᠤ ᠬᠤᠷᠳᠤᠨ ᠮᠥᠷᠲᠡᠭᠡᠨ ᠴᠡᠪᠡᠷ ᠲᠤᠬᠢᠯᠢᠭ ᠳᠥᠭᠦᠮ ᠳᠥᠲᠡ ᠶᠢ ᠠᠪᠴᠢᠷᠠᠵᠡᠢ᠃ ︽ᠤᠤᠯ ᠳᠠᠭᠠᠨ ᠵᠢᠯ ᠪᠦᠷᠢ ᠶᠢᠨ ᠡᠪᠦᠯ ᠪᠦᠷ ᠤᠷᠢᠳᠴᠢᠯᠠᠨ ᠶᠡᠭᠡ ᠬᠡᠮᠵᠢᠶᠡᠨ ᠤ ᠨᠡᠭᠦᠷᠡᠰᠦ ᠪᠡᠯᠡᠳᠭᠡᠨ᠎ᠡ᠂ ᠴᠠᠭ ᠬᠦᠴᠦ ᠵᠠᠷᠤᠴᠠᠭᠤᠯᠬᠤ ᠪᠠᠷ ᠪᠠᠷᠠᠬᠤ ᠦᠭᠡᠢ ᠭᠡᠷ ᠲᠤ ᠪᠠᠰᠠ ᠦᠷᠭᠦᠯᠵᠢ ᠤᠲᠤᠭ᠎ᠠ ᠲᠠᠢ᠂ ᠤᠳᠤ ᠡᠨᠡ ᠲᠥᠬᠦᠭᠡᠷᠦᠮᠵᠢ ᠤᠭᠰᠠᠷᠠᠭᠰᠠᠨ ᠠᠴᠠ ᠨᠠᠭᠠᠰᠢ ᠭᠡᠷ ᠳᠣᠲᠣᠷ᠎ᠠ ᠴᠡᠪᠡᠷ ᠮᠥᠷᠲᠡᠭᠡᠨ ᠳᠤᠯᠠᠭᠠᠬᠠᠨ᠂ ᠨᠡᠭᠦᠷᠡᠰᠦ ᠲᠦᠯᠡᠨ᠎ᠡ ᠭᠡᠵᠤ ᠵᠣᠪᠠᠭ᠋ᠣ ᠬᠡᠷᠡᠭ ᠦᠭᠡᠢ ᠪᠣᠯᠵᠠᠶ︾ ᠭᠡᠵᠦ ᠾᠧ ᠰᠢᠶᠠᠨ ᠯᠢᠨ ᠶᠠᠷᠢᠨ᠎ᠠ᠃    ᠠᠯᠠᠱᠠ ᠵᠡᠬᠦᠨ ᠬᠤᠰᠢᠭᠤᠨ ᠤ ᠪᠠᠶᠠᠨᠬᠤᠲᠠ ᠶᠢᠨ ᠵᠠᠬ᠎ᠠ ᠤᠰᠤ ᠭᠠᠴᠠᠭ᠎ᠠ ᠳᠤ ᠪᠠᠶᠢᠭ᠎ᠠ ᠲᠢᠶᠠᠨ ᠵᠦᠩ ᠲᠢᠶᠠᠨ ᠬᠤᠭᠤᠯᠠᠨ ᠭᠡᠷ ᠤᠨ ᠨᠡᠭᠦᠷᠡᠰᠤᠨ ᠲᠤᠯᠠᠭᠠᠯᠠᠭ᠎ᠠ ᠶᠢ ᠴᠠᠬᠢᠯᠭᠠᠨ ᠲᠤᠯᠠᠭᠠᠯᠠᠭ᠎ᠠ ᠪᠣᠯᠭᠠᠨ ᠥᠬᠡᠷᠡᠴᠢᠯᠡᠭᠰᠡᠨ ᠨᠢ ᠵᠤᠴᠢᠳ ᠲᠤ ᠬᠠᠯᠠᠭᠤᠨ ᠳᠤᠯᠠᠭᠠᠨ ᠲᠠᠭᠠᠯᠠᠮᠵᠢᠲᠠᠢ ᠬᠤᠭᠤᠯᠠᠯᠠᠬᠤ ᠣᠷᠴᠢᠨ ᠲᠣᠭᠤᠷᠢᠨ ᠢ ᠬᠠᠩᠭᠠᠵᠠᠢ᠃ ᠡᠨᠡ ᠵᠢᠯ ᠬᠤᠭᠤᠯᠠᠨ ᠬᠡᠷ ᠠᠭᠠᠷ ᠡᠭᠦᠰᠭᠡᠭᠴᠢ ᠶᠢᠨ ᠢᠯᠴᠢ ᠶᠢᠨ ᠬᠥᠭᠡᠷᠭᠡ ᠪᠠᠷ ᠳᠤᠯᠠᠭᠠᠯᠠᠬᠤ ᠲᠥᠬᠦᠭᠡᠷᠦᠮᠵᠢ ᠤᠭᠰᠠᠷᠠᠵᠤ᠂ ᠲᠤᠰᠬᠠᠶ ᠬᠤᠭᠤᠯᠠᠯᠬᠠᠤ ᠥᠷᠥᠭᠡ ᠪᠣᠯᠭᠠᠨ ᠳᠤ ᠭᠦᠢᠴᠡᠳ ᠳᠤᠯᠠᠭᠠᠯᠠᠮᠵᠢ ᠬᠠᠩᠭᠠᠵᠡᠢ᠃ ︽ᠥᠩᠭᠡᠷᠡᠭᠰᠡᠨ ᠳᠤ ᠡᠪᠦᠯ ᠬᠤᠭᠤᠯᠠᠨ ᠭᠡᠷ ᠤᠨ ᠬᠤᠭᠤᠯᠠᠯᠠᠬᠤ ᠦᠷᠦᠬᠡ ᠬᠦᠢᠲᠡᠨ ᠪᠣᠯᠬᠤᠷ ᠠᠭᠠᠷ ᠲᠤᠬᠢᠷᠠᠭᠤᠯᠤᠭᠴᠢ ᠨᠡᠭᠡᠭᠡᠳᠡᠭ᠂ ᠣᠲᠣ ᠥᠷᠥᠭᠡ ᠪᠣᠯᠭᠠᠨ ᠮᠠᠰᠢ ᠳᠤᠯᠠᠭᠠᠬᠠᠨ᠂ ᠵᠣᠴᠢᠳ ᠲᠤ ᠨᠡᠩ ᠬᠠᠯᠠᠭᠤᠨ ᠲᠤᠯᠠᠭᠠᠨ ᠤᠷᠴᠢᠨ ᠬᠠᠩᠭᠠᠭᠰᠠᠨ︾ ᠭᠡᠮᠡᠨ ᠲᠢᠶᠠᠨ ᠵᠦᠩ ᠲᠢᠶᠠᠨ ᠬᠤᠭᠤᠯᠠᠨ ᠭᠡᠷ ᠤᠨ ᠡᠵᠡᠨ ᠹᠠᠨ ᠹᠧᠩ ᠫᠢᠩ ᠶᠠᠷᠢᠨ᠎ᠠ᠃    ᠨᠡᠬᠦᠷᠡᠰᠦᠨ ᠲᠤᠯᠠᠭᠠᠯᠠᠭ᠎ᠠ ᠶᠢ ᠴᠠᠬᠢᠯᠭᠠᠨ ᠲᠤᠯᠠᠭᠠᠯᠠᠭ᠎ᠠ ᠪᠣᠯᠭᠠᠨ ᠦᠬᠡᠷᠡᠴᠢᠯᠡᠭᠰᠡᠨ ᠲᠥᠷᠥᠯ ᠵᠦᠢᠯ ᠤᠨ ᠬᠡᠷᠡᠭᠵᠢᠭᠦᠯᠦᠯᠲᠡ ᠨᠢ ᠨᠡᠭᠦᠷᠡᠰᠦ ᠰᠢᠲᠠᠭᠠᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠦᠲᠦᠮᠵᠢᠲᠡᠶ ᠪᠠᠭᠠᠰᠬᠠᠵᠤ᠂ ᠠᠭᠠᠷ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠮᠠᠯᠴᠢᠨ ᠲᠠᠷᠢᠶᠠᠴᠢᠨ ᠤ ᠳᠤᠯᠠᠭᠠᠯᠠᠬᠤ ᠨᠥᠬᠦᠴᠡᠯ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号