ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ | ᠶᠢᠨ ᠲᠢᠩᠬᠢᠮ ᠠᠴᠠ ᠤᠶᠢᠯᠠᠭᠠᠬᠰᠠᠨ ᠢᠶᠠᠷ᠂ ᠥᠪᠥᠷ ᠮᠣᠩᠭᠤᠯ ᠤᠨ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ | ᠰᠦᠯᠵᠢᠶᠡᠨ ᠤ ᠲᠠᠪᠴᠠᠩ 2023 ᠤᠨ ᠤ 11 ᠰᠠᠷ᠎ᠠ ᠠᠵᠢᠯᠯᠠᠭᠠᠨ ᠡᠬᠢᠯᠡᠭᠦᠯᠦᠭᠰᠡᠨ ᠠᠴᠠ ᠤᠳᠤ ᠪᠤᠯᠲᠠᠯ᠎ᠠ᠂ | ᠪᠠᠷᠢᠯᠭ᠎ᠠ ᠶᠢᠨ ᠠᠵᠢᠯ ᠲᠥᠷᠥᠯ ᠤᠨ 3800 ᠭᠠᠷᠤᠶ ᠬᠠᠩᠭᠠᠯᠭ᠎ᠠ ᠶᠢᠨ ᠬᠤᠳᠠᠯᠳᠤᠭᠠᠴᠢᠨ ᠢ ᠲᠠᠪᠴᠠᠩ ᠳᠠᠭᠠᠨ | ᠤᠷᠤᠭᠤᠯᠵᠤ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡ᠂ ᠮᠠᠰᠢᠨ ᠲᠥᠬᠦᠭᠡᠷᠦᠮᠵᠢ | ᠵᠡᠷᠭᠡ ᠶᠢᠨ ᠬᠠᠩᠭᠠᠯᠭ᠎ᠠ ᠶᠢᠨ ᠡᠬᠢ ᠪᠠᠶᠠᠯᠢᠭ ᠢ ᠬᠠᠮᠤᠷᠤᠬᠰᠠᠨ 8500 ᠭᠠᠷᠤᠶ ᠪᠠᠷᠢᠯᠭ᠎ᠠ ᠶᠢᠨ ᠮᠠᠲ᠋ᠧᠷᠢᠶᠠᠯ ᠤᠨ | ᠲᠠᠸᠠᠷ ᠢ ᠲᠠᠪᠴᠠᠩ ᠳᠠᠭᠠᠨ ᠭᠠᠷᠭᠠᠵᠤ᠂ ᠬᠤᠳᠠᠯᠳᠤᠨ ᠠᠪᠤᠭᠰᠠᠨ ᠬᠡᠮᠵᠢᠶ᠎ᠡ ᠳ᠋ᠦᠩᠰᠢᠭᠤᠷ ᠲᠥᠭᠦᠷᠢᠭ ᠢ ᠳᠠᠪᠠᠪᠠ᠃ | ᠥᠪᠥᠷ ᠮᠣᠩᠭᠤᠯ ᠤᠨ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ᠪᠣᠯ ︽ | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ | ︵2023 — 2025 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢ ᠭᠦᠨᠵᠡᠭᠡᠶ | ᠳᠣᠣᠱᠯᠠᠭᠤᠯᠣᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠲᠤᠰ ᠲᠠᠪᠴᠠᠩ ᠥᠪᠡᠷᠲᠡᠭᠡᠨ | ᠵᠠᠰᠠᠬᠤ ᠣᠷᠣᠨ ᠤ ᠪᠠᠷᠢᠯᠭ᠎ᠠ ᠶᠢᠨ ᠠᠵᠢᠯ ᠲᠥᠷᠥᠯ ᠤᠨ ︽ᠲᠣᠭᠠᠴᠢᠯᠠᠯᠲᠠ + ᠨᠢᠭᠡ ᠥᠷᠲᠡᠭᠡᠴᠢᠯᠡᠭᠰᠡᠨ︾ | ᠡᠵᠡᠩᠨᠡᠯᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠤᠨ᠂ ᠬᠥᠳᠡᠯᠮᠦᠷᠢ | ᠦᠢᠯᠡᠴᠢᠯᠡᠭᠡᠨ ᠤ ᠠᠵᠢᠯᠴᠢᠨ ᠬᠡᠷᠡᠭᠯᠡᠬᠦ᠂ ᠮᠠᠰᠢᠨ ᠲᠦᠭᠦᠭᠡᠷᠦᠮᠵᠢ ᠲᠦᠷᠢᠶᠡᠰᠦᠯᠠᠬᠦ᠂ ᠪᠠᠷᠢᠯᠭ᠎ᠠ ᠶᠢᠨ ᠮᠠᠲ᠋ᠧᠷᠢᠶᠠᠯ ᠤᠨ | ᠠᠷᠠᠯᠵᠢᠶ᠎ᠠ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳᠥᠷᠪᠡᠨ ᠶᠡᠭᠡ ᠴᠢᠳᠠᠮᠵᠢ ᠶᠢᠨ ᠬᠡᠰᠡᠭ ᠢ ᠲᠤᠬᠢᠷᠠᠭᠤᠯᠵᠤ᠂ | ᠪᠠᠷᠢᠯᠭ᠎ᠠ ᠶᠢᠨ ᠠᠵᠢᠯ ᠲᠥᠷᠥᠯ ᠤᠨ ᠳᠡᠭᠡᠳᠦ ᠳᠣᠣᠷᠠᠳᠤ ᠤᠷᠤᠰᠬᠠᠯ ᠤᠨ ᠡᠬᠢ ᠪᠠᠶᠠᠯᠢᠭ ᠢ ᠨᠡᠶᠢᠳᠭᠡᠵᠦ᠂ | ᠲᠠᠪᠴᠠᠩ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠵᠠᠭᠪᠤᠷ ᠢᠶᠠᠷ ᠳᠠᠮᠵᠢᠭᠤᠯᠤᠨ᠂ ᠪᠠᠷᠢᠯᠭ᠎ᠠ ᠶᠢᠨ ᠠᠵᠤ | ᠠᠬᠤᠶᠢᠯᠠᠯ ᠤᠨ ᠬᠤᠳᠠᠯᠳᠤᠨ ᠠᠪᠬᠤ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ | ᠬᠤᠳᠠᠯᠳᠤᠨ ᠠᠪᠬᠤ ᠥᠪᠡᠷ ᠤᠨ ᠥᠷᠲᠡᠭ ᠢ ᠪᠠᠷᠤᠭ 5% ᠪᠠᠭᠤᠷᠠᠭᠤᠯᠪᠠ᠃ ᠡᠭᠦᠨ ᠤ ᠬᠠᠮᠲᠤ᠂ 13 ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠪᠠᠯᠠ ᠬᠤᠷᠠᠮᠳᠤᠭᠤᠯᠬᠤ ᠵᠢᠭᠡᠯᠡᠯᠭᠡ᠂ ᠪᠠᠲᠤᠯᠠᠨ ᠳᠠᠭᠠᠭᠠᠬᠤ᠂ ᠳᠠᠭᠠᠳᠬᠠᠯ | ᠵᠡᠷᠭᠡ ᠶᠢ ᠪᠠᠭᠲᠠᠭᠠᠭᠰᠠᠨ 31 ᠵᠦᠢᠯ ᠤᠨ ᠮᠦᠡᠭᠭᠦᠨ ᠭᠦᠢᠯᠭᠡᠭᠡᠨ ᠤ ᠦᠢᠯᠡᠴᠢᠯᠡᠭᠡ ᠶᠢ ᠨᠡᠶᠢᠳᠭᠡᠵᠦ᠂ ᠲᠠᠪᠴᠠᠩ ᠤᠨ | ᠬᠡᠷᠡᠭᠯᠡᠭᠴᠢ ᠠᠵᠤ ᠠᠬᠤᠶᠢᠯᠠᠯ ᠳᠤ ᠨᠡᠶᠢᠲᠡ 6000 ᠲᠦᠮᠡ ᠭᠠᠷᠤᠶ ᠪᠠᠯᠠ ᠮᠥᠩᠭᠦ ᠬᠠᠨᠭ᠍ᠭᠠᠵᠤ᠂ ᠪᠠᠷᠢᠯᠭ᠎ᠠ ᠶᠢᠨ | ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠬᠥᠩᠭᠡᠷᠡᠭᠦᠯᠪᠡ᠃ |