ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠣᠶᠢᠷ᠎ᠠ ᠳᠤ 2025 ᠣᠨ ᠤ ᠪᠦᠬᠦ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ | ᠬᠦᠭᠵᠢᠯᠲᠡ ᠶᠢᠨ ᠤᠨᠴᠠᠯᠢᠭ ᠲᠤ ᠲᠤᠬᠢᠷᠠᠬᠤ 30 ᠭᠤᠤᠯᠯᠠᠬᠤ ᠡᠭᠦᠯᠳᠡᠷ ᠪᠤᠯᠤᠨ 42 ᠭᠤᠤᠯ ᠳᠡᠯᠭᠡᠷᠡᠭᠦᠯᠬᠦ | ᠮᠡᠷᠭᠡᠵᠢᠯ ᠢ ᠨᠡᠶᠢᠳᠡᠯᠡᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠶᠢ | ᠠᠬᠢᠭᠤᠯᠤᠨ᠂ ᠥᠨᠳᠥᠷ ᠤᠨᠠᠯᠲᠠ ᠦᠨᠳᠤᠷ ᠭᠠᠷᠤᠯᠳᠠ ᠲᠠᠢ ᠴᠢᠨᠠᠷ ᠰᠠᠶᠢᠲᠠᠶ ᠡᠭᠦᠯᠳᠡᠷ ᠪᠠ ᠲᠡᠷᠢᠭᠦᠨ ᠤ | ᠬᠡᠷᠡᠭᠯᠡᠭᠡᠨ ᠤ ᠮᠡᠷᠭᠡᠵᠢᠯ ᠢ ᠦᠷᠭᠡᠨ ᠢᠶᠠᠷ ᠳᠡᠯᠭᠡᠷᠡᠭᠦᠯᠬᠦ ᠶᠢ ᠵᠤᠷᠢᠪᠠ᠃ | ᠲᠣᠰ ᠤᠳᠠᠭ᠎ᠠ ᠶᠢᠨ ᠨᠡᠶᠢᠲᠡᠯᠡᠭᠰᠡᠨ ᠭᠤᠤᠯᠯᠠᠬᠤ ᠡᠭᠦᠯᠳᠡᠷ ᠲᠤ ︽ᠮᠧᠩ ᠺᠧ ᠳ᠋ᠧᠦ 9 ᠳ᠋ᠤᠭᠡᠷ︾᠂ ︽ᠪᠠ ᠮᠠᠶ | 13 ᠳ᠋ᠤᠭᠠᠷ︾᠂ ︽ᠰᠢᠶᠠᠨ ᠢᠦᠶ 1483︾ ᠵᠡᠷᠭᠡ 22 ᠲᠠᠷᠢᠶᠠᠯᠠᠩ ᠤᠨ ᠭᠤᠤᠯᠯᠠᠬᠤ ᠡᠭᠦᠯᠳᠡᠷ ᠪᠤᠯᠤᠨ ︽ | ᠬᠤᠸᠠ ᠮᠧᠩ ᠮᠢᠬᠠᠨ ᠤ ᠬᠤᠨᠢ︾᠂ ︽ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠶ︾᠂ ︽ᠬᠤᠸᠠ ᠰᠢ | ᠦᠬᠡᠷ︾ ᠵᠡᠷᠭᠡ 8 ᠮᠠᠯ ᠵᠢᠭᠦᠷᠲᠡᠨ ᠤᠰᠤᠨ ᠭᠠᠷᠤᠯᠲᠠ ᠶᠢᠨ ᠭᠤᠤᠯᠯᠠᠬᠤ ᠡᠭᠦᠯᠳᠡᠷ ᠪᠠᠭᠲᠠᠵᠤ᠂ ᠡᠷᠳᠡᠨᠢ ᠰᠢᠰᠢ᠂ | ᠰᠢᠷ᠎ᠠ ᠪᠤᠷᠴᠠᠭ᠂ ᠤᠰᠤᠨ ᠲᠤᠲᠤᠷᠭ᠎ᠠ᠂ ᠪᠣᠭᠤᠳᠠᠶ ᠵᠡᠷᠭᠡ ᠭᠤᠤᠯ ᠪᠣᠯᠬᠤ ᠠᠮᠤ ᠲᠣᠰᠣᠨ ᠤ ᠲᠠᠷᠢᠮᠠᠯ ᠵᠢᠴᠢ ᠦᠬᠡᠷ | ᠬᠤᠨᠢ ᠵᠡᠷᠭᠡ ᠭᠤᠤᠯ ᠪᠣᠯᠬᠤ ᠮᠠᠯ ᠵᠢᠭᠦᠷᠲᠡᠨ ᠢ ᠬᠠᠮᠤᠷᠪᠠ︔ ᠭᠤᠤᠯ ᠳᠡᠯᠭᠡᠷᠡᠭᠦᠯᠬᠦ ᠮᠡᠷᠭᠡᠵᠢᠯ ᠳᠤ ᠬᠤᠵᠢᠷᠯᠢᠭ | ᠲᠠᠷᠢᠶᠠᠨ ᠭᠠᠵᠠᠷ ᠢ ᠶᠡᠷᠦᠩᠬᠡᠶᠢᠯᠡᠨ ᠠᠰᠢᠭᠯᠠᠬᠤ ᠪᠠ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠮᠡᠷᠭᠡᠵᠢᠯ᠂ | ᠪᠣᠭᠤᠳᠠᠶ ᠪᠠᠨ ᠬᠤᠷᠢᠶᠠᠭᠰᠠᠨ ᠤ ᠳᠠᠷᠠᠭ᠎ᠠ ᠤᠷᠭᠠᠨᠢᠭ ᠪᠤᠷᠳᠤᠭᠤᠷ ᠤᠷᠤᠭᠤᠯᠤᠨ ᠲᠠᠵᠢᠭᠡᠯ ᠡᠪᠡᠰᠦ ᠲᠠᠷᠢᠵᠦ | ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠬᠦ ᠮᠡᠷᠭᠡᠵᠢᠯ ᠵᠡᠷᠭᠡ 27 ᠵᠦᠢᠯ ᠤᠨ ᠲᠠᠷᠢᠶᠠᠯᠠᠩ ᠤᠨ ᠭᠤᠤᠯ | ᠳᠡᠯᠭᠡᠷᠡᠭᠦᠯᠬᠦ ᠮᠡᠷᠭᠡᠵᠢᠯ ᠪᠤᠯᠤᠨ ᠮᠠᠯ ᠠᠵᠤ ᠠᠬᠤᠶ ᠲᠠᠷᠢᠶᠠᠯᠠᠩ ᠰᠣᠯᠪᠢᠴᠠᠭᠰᠠᠨ ᠣᠷᠣᠨ ᠤ ᠮᠢᠬᠠᠨ ᠤ ᠬᠤᠨᠢ ᠶᠢ | ᠥᠨᠳᠥᠷ ᠪᠦᠲᠦᠮᠵᠢᠲᠡᠶ ᠪᠠᠷ ᠦᠷᠡᠵᠢᠭᠦᠯᠦᠨ ᠪᠤᠶᠢᠵᠢᠭᠤᠯᠬᠤ ᠬᠤᠷᠠᠮᠠᠯ ᠮᠡᠷᠭᠡᠵᠢᠯ ᠮᠡᠲᠦ ᠶᠢᠨ 15 ᠵᠦᠢᠯ ᠤᠨ ᠮᠠᠯ | ᠵᠢᠭᠦᠷᠲᠡᠨ ᠤᠰᠤᠨ ᠭᠠᠷᠤᠯᠲᠠ ᠶᠢᠨ ᠭᠤᠤᠯ ᠳᠡᠯᠭᠡᠷᠡᠭᠦᠯᠬᠦ ᠮᠡᠷᠭᠡᠵᠢᠯ ᠪᠠᠭᠲᠠᠵᠤ᠂ ᠠᠮᠤ ᠲᠣᠰᠣᠨ ᠤ ᠲᠠᠷᠢᠮᠠᠯ᠂ ᠠᠵᠤ | ᠠᠬᠤᠶ ᠶᠢᠨ ᠲᠠᠷᠢᠮᠠᠯ᠂ ᠢᠳᠡᠰᠢᠨ ᠨᠣᠭᠤᠭ᠎ᠠ᠂ ᠮᠠᠯ ᠠᠵᠤ ᠠᠬᠤᠶ᠂ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠪᠠ ᠬᠡᠮ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢ ᠬᠠᠮᠤᠷᠴᠠᠶ᠃ | ᠪᠥᠬᠦ ᠣᠷᠣᠨ ᠤ ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠪᠠ ᠮᠠᠯ ᠠᠵᠤ ᠠᠬᠤᠶ | ᠲᠠᠷᠢᠶᠠᠯᠠᠩ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠵᠤ᠂ ︽ᠴᠢᠬᠢ ᠦᠵᠡᠵᠦ | ᠦᠷ᠎ᠡ ᠰᠣᠩᠭᠤᠬᠤ︾ ᠲᠠᠪᠴᠠᠩ᠂ ᠦᠨᠳᠦᠰᠦᠨ ᠱᠠᠲᠤᠨ ᠤ ᠮᠠᠯ ᠠᠵᠤ ᠠᠬᠤᠶ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠰᠢᠰᠲ᠋ᠧᠮ᠂ ᠮᠠᠯ ᠠᠵᠤ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠳᠤ ᠲᠦᠰᠢᠭᠯᠡᠨ ᠵᠢᠱᠢᠶ᠎ᠡ ᠦᠵᠡᠭᠦᠯᠵᠤ ᠳᠡᠯᠭᠡᠨ | ᠦᠵᠡᠭᠦᠯᠬᠦ᠂ ᠲᠤᠷᠰᠢᠯᠭ᠎ᠠ ᠪᠠᠨ ᠰᠣᠯᠢᠯᠴᠠᠬᠤ ᠪᠠ ᠪᠤᠯᠪᠠᠰᠤᠷᠠᠯ ᠬᠦᠷᠲᠡᠭᠡᠵᠦ ᠬᠦᠲᠦᠯᠦᠨ ᠵᠢᠯᠣᠭᠤᠳᠬᠤ ᠵᠡᠷᠭᠡ ᠠᠵᠢᠯ | ᠥᠷᠨᠢᠭᠦᠯᠵᠦ᠂ ᠡᠳᠡᠬᠡᠷ ᠭᠤᠤᠯᠯᠠᠬᠤ ᠡᠭᠦᠯᠳᠡᠷ ᠪᠠ ᠭᠤᠤᠯ ᠪᠣᠯᠬᠤ ᠮᠡᠷᠭᠡᠵᠢᠯ ᠢ ᠭᠠᠴᠠᠭ᠎ᠠ ᠲᠣᠰᠬᠤᠨ ᠪᠠ ᠮᠠᠯᠵᠢᠬᠤ | ᠲᠠᠷᠢᠶᠠᠯᠠᠬᠤ ᠡᠷᠦᠬᠡ ᠳᠤ ᠬᠦᠷᠭᠡᠬᠦ ᠶᠢ ᠠᠬᠢᠭᠤᠯᠬᠤ ᠪᠤᠯᠤᠨ᠎ᠠ᠃ ᠡᠭᠦᠨ ᠢᠶᠠᠷ ᠳᠠᠮᠵᠢᠨ ᠥᠷᠭᠡᠨ ᠣᠯᠠᠨ ᠮᠠᠯᠵᠢᠬᠤ | ᠲᠠᠷᠢᠶᠠᠯᠠᠬᠤ ᠡᠷᠦᠬᠡ ᠪᠠ ᠰᠢᠨ᠎ᠡ ᠬᠡᠯᠪᠡᠷᠢ ᠶᠢᠨ ᠮᠠᠯ ᠠᠵᠤ ᠠᠬᠤᠶ ᠲᠠᠷᠢᠶᠠᠯᠠᠩ ᠤᠨ ᠡᠵᠡᠩᠨᠡᠯᠲᠡ ᠶᠢᠨ ᠭᠤᠤᠯ | ᠴᠣᠭᠴᠠ ᠶᠢᠨ ᠰᠢᠯᠢᠳᠡᠭ ᠡᠭᠦᠯᠳᠡᠷ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠬᠦ ᠪᠠ ᠲᠡᠷᠢᠭᠦᠨ ᠤ ᠮᠡᠷᠭᠡᠵᠢᠯ ᠢ | ᠬᠡᠷᠡᠭᠯᠡᠬᠦ ᠶᠢ ᠬᠥᠲᠥᠯᠦᠨ ᠵᠢᠯᠣᠭᠤᠳᠴᠤ ᠳᠠᠶᠢᠴᠢᠯᠠᠨ᠂ ᠠᠮᠤ ᠲᠣᠰᠣᠨ ᠤ ᠲᠠᠷᠢᠮᠠᠯ ᠵᠡᠷᠭᠡ ᠭᠤᠤᠯ ᠪᠣᠯᠬᠤ | ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠯᠭᠠᠭᠤᠷᠢᠯᠠᠯ ᠬᠠᠩᠭᠠᠬᠤ ᠪᠠᠷ ᠪᠤᠢ᠃ |