ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠤᠰᠬᠠᠶ ᠠᠵᠢᠯᠯᠠᠭᠠᠨ ᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/12
    ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠡᠮ ᠡᠮᠨᠡᠯᠭᠡ ᠶᠢᠨ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠵᠣᠬᠢᠰᠲᠠᠶ ᠬᠡᠷᠡᠭᠯᠡᠬᠦ ᠶᠢ ᠠᠬᠢᠭᠤᠯᠬᠤ︾ ᠲᠤᠰᠬᠠᠶ ᠠᠵᠢᠯᠯᠠᠭᠠᠨ ᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃    ᠳᠤᠰ ᠤᠳᠠᠭ᠎ᠠ ᠲᠤᠰᠬᠠᠶ ᠠᠵᠢᠯᠯᠠᠭᠠᠨ ᠢ ᠥᠷᠨᠢᠭᠦᠯᠬᠦ ᠲᠤᠬᠠᠶ ᠲᠤᠤᠷᠠᠬᠢ ᠮᠠᠳᠤ ᠶᠢᠨ ᠱᠠᠭᠠᠷᠳᠠᠯᠭ᠎ᠠ ᠳᠤᠷᠠᠳᠪᠠ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠣᠪᠣᠷ ᠢᠶᠠᠨ ᠲᠥᠪ ᠪᠣᠯᠭᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠭᠡᠷᠡᠭᠳᠡᠢ︔ ᠣᠨᠣᠰᠢᠯᠠᠨ ᠡᠮᠨᠡᠬᠦ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ᠂ ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠤᠨ᠂ ᠡᠮᠨᠡᠯᠭᠡ ᠶᠢᠨ ᠬᠤᠷᠢᠶ᠎ᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ ᠣᠨᠣᠰᠢᠯᠠᠨ ᠡᠮᠨᠡᠬᠦ ᠠᠵᠢᠯᠯᠠᠭ᠎ᠠ ᠳᠤᠮᠳᠠᠬᠢ ᠠᠵᠢᠯᠯᠠᠭ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠡᠷᠡᠭᠳᠡᠢ︔ ᠰᠦᠢᠳᠭᠡᠯ ᠬᠤᠷᠢᠶᠠᠬᠤ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠵᠠᠯᠬᠠᠭᠠᠨ ᠰᠶᠢᠳᠬᠡᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠬᠤ ᠭᠡᠷᠡᠭᠳᠡᠢ ᠭᠡᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号