ᠡᠨᠡ ᠵᠢᠯ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠬᠢᠨ | ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠤᠨ ᠲᠤᠭᠤᠷᠢᠨ ᠳᠤ 435 ᠵᠦᠢᠯ ᠤᠨ ︽ᠪᠥᠬᠦ ᠠᠶᠢᠮᠠᠭ ᠲᠤ | ᠨᠡᠶᠢᠳᠡᠮ ᠭᠦᠢᠴᠡᠳᠭᠡᠬᠦ︾ ᠵᠦᠢᠯᠡᠰ ᠢ ᠨᠡᠶᠢᠲᠡᠯᠡᠭᠰᠡᠨ ᠰᠠᠭᠤᠷᠢᠨ ᠳᠡᠭᠡᠷ᠎ᠡ 70 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠲᠦᠯᠬᠢᠨ ᠠᠬᠢᠭᠤᠯᠵᠣ ︽ᠪᠥᠬᠦ ᠠᠶᠢᠮᠠᠭ ᠲᠤ ᠨᠡᠶᠢᠳᠡᠮ ᠭᠦᠢᠴᠡᠳᠭᠡᠬᠦ︾ ᠶᠢ | ᠪᠡᠶᠡᠯᠡᠬᠦᠯᠣᠨ᠂ 8 ᠵᠦᠢᠯ ᠢ ᠥᠨᠳᠥᠷ ᠪᠦᠲᠦᠮᠵᠢᠲᠡᠶ ᠪᠠᠷ ᠬᠦᠢᠴᠡᠳᠭᠡᠬᠦ᠂ ᠨᠢᠭᠡ ᠯᠡ ᠤᠳᠠᠭ᠎ᠠ ᠳᠤ ᠰᠢᠢᠳᠪᠣᠷᠢᠯᠡᠬᠦ | ︽ᠨᠢᠭᠡ ᠶᠠᠪᠤᠳᠠᠯ︾ ᠤᠨ ᠨᠠᠷᠢᠨ ᠬᠠᠭᠤᠳᠠᠰᠤ ᠶᠢ ᠠᠮᠵᠢᠯᠲᠠ ᠲᠠᠢ ᠪᠡᠶᠡᠯᠡᠭᠦᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠦᠭᠰᠡᠨ ᠬᠠᠨᠤᠮᠵᠢᠲᠠᠶ | ᠬᠢᠷᠢ ᠪᠦᠲᠦᠮᠵᠢ ᠶᠢ ᠡᠬᠦᠳᠴᠡᠢ᠃ | ᠡᠨᠡ ᠵᠢᠯ ᠠᠴᠠ ᠨᠠᠭᠠᠰᠢ᠂ ᠠᠯᠠᠱᠠ ᠠᠶᠢᠮᠠᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ︽ᠨᠢᠭᠡ ᠶᠠᠪᠤᠳᠠᠯ ᠢ | ᠥᠨᠳᠥᠷ ᠪᠦᠲᠦᠮᠵᠢᠲᠡᠶ ᠬᠦᠢᠴᠡᠳᠬᠡᠬᠦ︾ ᠦᠢᠯᠡᠴᠢᠯᠡᠭᠡᠨ ᠤ ᠢᠵᠢ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢ ᠪᠥᠬᠦ | ᠲᠠᠯ᠎ᠠ ᠪᠠᠷ ᠲᠦᠯᠬᠢᠨ ᠠᠬᠢᠭᠤᠯᠵᠤ᠂ ︽ᠠᠵᠢᠯ ᠶᠠᠪᠤᠳᠠᠯ ᠭᠦᠢᠴᠡᠳᠭᠡᠬᠦ ᠠᠷᠭ᠎ᠠ ᠮᠠᠶ᠋ᠢᠭ ᠢ ᠣᠯᠠᠨ ᠡᠰᠢᠵᠢᠭᠦᠯᠬᠦ᠂ | ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠬᠦ᠂ ᠠᠵᠢᠯ ᠶᠠᠪᠤᠳᠠᠯ ᠭᠦᠢᠴᠡᠳᠭᠡᠬᠦ ᠮᠠᠲ᠋ᠧᠷᠢᠶᠠᠯ ᠢ | ᠬᠠᠮᠤᠭ ᠤᠨ ᠲᠥᠬᠦᠮ ᠪᠣᠯᠭᠠᠬᠤ︾ ᠪᠠᠷ ᠬᠠᠷᠠᠯᠲᠠ ᠪᠠ ᠭᠠᠷᠳᠠᠴᠠ ᠪᠣᠯᠭᠠᠵᠤ᠂ ᠶᠡᠷᠦᠩᠬᠡᠶᠢᠯᠡᠭᠰᠡᠨ ᠴᠣᠩᠬᠤ ᠶᠢ | ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠤᠨ᠂ ︽ᠨᠢᠭᠡ ᠶᠠᠪᠤᠳᠠᠯ︾ ᠢ ᠭᠦᠢᠴᠡᠳᠭᠡᠬᠦ ᠰᠢᠰᠲ᠋ᠧᠮ ᠢ | ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠴᠠᠭ | ᠪᠠ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠶᠡᠭᠡ ᠪᠠᠷ ᠪᠠᠭᠠᠰᠬᠠᠨ᠂ ᠡᠵᠡᠩᠨᠡᠯᠳᠡ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠦᠨ ᠳᠠᠬᠢᠨ ᠲᠠᠰ ᠳᠡᠪᠰᠢᠭᠦᠯᠬᠦ ᠶᠢ ᠠᠬᠢᠭᠤᠯᠵᠡᠢ᠃ | ᠪᠠᠶᠠᠨᠬᠤᠲᠠ ᠪᠠᠯᠭᠠᠰᠤᠨ ᠤ ᠰᠠᠭᠤᠭᠠᠯᠢ ᠠᠷᠠᠳ ᠯᠢᠦ ᠰᠢᠶᠠᠨ ᠹᠧᠩ ᠬᠤᠳᠠ ᠶᠢᠨ ᠵᠡᠬᠦᠨ ᠲᠣᠭᠤᠷᠢᠭ ᠲᠤ ᠨᠢᠭᠡᠨ | ᠪᠤᠤᠵᠠ ᠶᠢᠨ ᠫᠦᠰᠡ ᠨᠡᠭᠡᠭᠡᠬᠦ ᠰᠠᠨᠠᠭ᠎ᠠ ᠲᠠᠢ ᠪᠠᠶᠢᠯ᠎ᠠ᠃ ᠳᠡᠷᠡᠪᠡᠷ ᠪᠦᠬᠦ ᠠᠶᠢᠮᠠᠭ ᠢᠶᠠᠷ ᠢᠶᠠᠨ ︽ᠨᠢᠭᠡ ᠶᠠᠪᠤᠳᠠᠯ ᠢ | ᠥᠨᠳᠥᠷ ᠪᠦᠲᠦᠮᠵᠢᠲᠡᠶ ᠬᠦᠴᠡᠳᠬᠡᠬᠦ︾ ᠶᠢ ᠪᠦᠬᠦ ᠲᠠᠯ᠎ᠠ ᠪᠠᠷ ᠠᠬᠢᠭᠤᠯᠵᠣ ᠪᠠᠶᠢᠬᠤ ᠶᠢ ᠮᠡᠳᠡᠭᠰᠡᠨ ᠤ ᠳᠠᠷᠠᠭ᠎ᠠ᠂ | ᠳᠡᠷᠡᠪᠡᠷ ᠥᠷᠯᠥᠭᠡ ᠡᠷᠳᠡᠯᠡᠨ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠨᠢᠭᠡ | ᠶᠠᠪᠤᠳᠠᠯ︾ ᠢ ᠬᠦᠯᠢᠶᠡᠨ ᠠᠪᠴᠤ ᠰᠢᠢᠳᠪᠦᠷᠢᠯᠡᠬᠦ ᠴᠣᠩᠬᠤᠨ ᠳᠤ ᠬᠦᠷᠴᠦ᠂ ᠠᠵᠢᠯᠲᠠᠳ ᠤᠨ ᠵᠢᠯᠣᠭᠤᠳᠤᠯᠭ᠎ᠠ | ᠳᠣᠣᠷ᠎ᠠ 20 ᠮᠢᠨᠦ᠋ᠲ ᠪᠣᠯᠣᠯ ᠦᠭᠡᠢ ᠪᠠᠷ ᠡᠵᠡᠩᠨᠡᠯᠲᠡ ᠶᠢᠨ ᠦᠨᠡᠮᠯᠡᠯ ᠪᠣᠯᠣᠨ ᠢᠳᠡᠭᠡᠨ ᠡᠵᠡᠩᠨᠡᠬᠦ | ᠵᠥᠪᠰᠢᠶᠡᠷᠡᠯ ᠤᠨ ᠦᠨᠡᠮᠯᠡᠯ ᠢ ᠭᠠᠷᠳᠠᠵᠣ ᠠᠪᠴᠡᠢ᠃ ︽ᠥᠩᠭᠡᠷᠡᠭᠰᠡᠨ ᠳᠤ ᠡᠵᠡᠩᠨᠡᠯᠳᠡ ᠶᠢᠨ ᠦᠨᠡᠮᠯᠡᠯ ᠭᠠᠷᠭᠠᠵᠣ | ᠠᠪᠬᠤ ᠪᠠᠷ ᠣᠯᠠᠨ ᠭᠠᠵᠠᠷ ᠢᠶᠠᠷ ᠶᠠᠪᠤᠵᠤ ᠬᠡᠳᠦᠨ ᠡᠳᠦᠷ ᠤᠨ ᠴᠠᠭ ᠵᠠᠷᠣᠴᠠᠭᠤᠯᠵᠣ ᠪᠠᠶᠢᠵᠡᠢ᠂ ᠣᠳᠣ ᠨᠢᠭᠡ | ᠴᠣᠩᠬᠤ ᠪᠠᠷ ᠨᠢᠭᠡ ᠯᠡ ᠤᠳᠠᠭ᠎ᠠ ᠳᠤ ᠪᠦᠬᠦᠨ ᠢ ᠬᠢᠵᠡᠢ᠂ ᠦᠨᠡᠬᠡᠷ ᠳᠥᠭᠦᠮ ᠪᠣᠯᠵᠠᠢ︾ ᠭᠡᠵᠦ ᠯᠢᠦ ᠰᠢᠶᠠᠨ ᠹᠧᠩ | ᠶᠠᠷᠢᠨ᠎ᠠ᠃ | ᠠᠯᠠᠱᠠ ᠠᠶᠢᠮᠠᠭ ᠨᠢᠭᠡᠨᠲᠡ ᠰᠦᠯᠵᠢᠶᠡᠨ ᠳᠤ ᠣᠷᠣᠭᠰᠠᠨ 30 ᠵᠦᠢᠯ ᠤᠨ ︽ᠨᠢᠭᠡ ᠶᠠᠪᠤᠳᠠᠯ ᠢ ᠥᠨᠳᠥᠷ | ᠪᠦᠲᠦᠮᠵᠢᠲᠡᠶ ᠬᠦᠢᠴᠡᠳᠬᠡᠬᠦ︾ ᠭᠤᠣᠯ ᠰᠡᠳᠦᠪᠲᠦ ᠢᠵᠢ ᠦᠢᠯᠡᠴᠢᠯᠡᠭᠡ ᠶᠢ ᠢᠳᠡᠪᠬᠢᠲᠡᠢ ᠪᠠᠷ ᠲᠠᠨᠢᠯᠴᠠᠭᠤᠯᠤᠨ | ᠬᠡᠷᠡᠭᠯᠡᠵᠦ᠂ ᠣᠲᠣ ᠪᠣᠯᠲᠠᠯ᠎ᠠ ᠡᠯ᠎ᠡ ᠲᠥᠷᠥᠯ ᠤᠨ ︽ᠨᠢᠭᠡ ᠶᠠᠪᠤᠳᠠᠯ︾ ᠢ ᠨᠡᠶᠢᠲᠡ 4123 ᠬᠤᠪᠢ ᠬᠦᠢᠴᠡᠳᠭᠡᠵᠡᠢ᠃ | ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠳᠦᠬᠦᠭᠡᠷᠣᠮᠵᠢ ᠶᠢ ᠤᠭᠰᠠᠷᠠᠬᠤ᠂ ᠠᠳᠠᠯ ᠦᠢᠯᠡᠰ ᠪᠣᠰᠬᠠᠬᠤ ᠵᠢᠭᠡᠯᠡᠯᠭᠡ | ᠂ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠵᠢᠯ ᠪᠠᠶᠢᠭᠤᠯᠬᠤ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ᠂ ᠰᠢᠨ᠎ᠡ ᠲᠡᠷᠭᠡᠨ ᠳᠡᠭᠡᠷ᠎ᠡ | ᠫᠠᠶᠢᠰᠠ ᠡᠯᠭᠦᠬᠦ ᠵᠡᠷᠭᠡ ᠲᠣᠰ ᠭᠠᠵᠠᠷ ᠤᠨ ᠣᠨᠴᠠᠯᠢᠭ ᠲᠠᠢ ︽ᠨᠢᠭᠡ ᠶᠠᠪᠤᠳᠠᠯ︾ ᠳᠤ ᠬᠤᠯᠪᠣᠭᠳᠠᠭᠰᠠᠨ ᠨᠡᠶᠢᠲᠡ | 489 ᠵᠦᠢᠯ ᠢ ᠭᠦᠢᠴᠡᠳᠭᠡᠵᠦ᠂ ᠭᠦᠢᠴᠡᠳᠭᠡᠬᠦ ᠴᠠᠭ ᠤᠨ ᠬᠢᠵᠠᠭᠠᠷ ᠢ 38.53% ᠪᠠᠷ ᠪᠠᠭᠠᠰᠬᠠᠵᠤ᠂ ᠬᠢᠨᠠᠨ | ᠵᠥᠪᠰᠢᠶᠡᠷᠡᠬᠦ ᠶᠠᠪᠣᠴᠠ ᠶᠢ 54.69% ᠪᠠᠷ ᠴᠣᠮᠬᠠᠳᠬᠠᠨ᠂ ᠭᠦᠶᠦᠯᠲᠡ ᠶᠢᠨ ᠲᠤᠭ᠎ᠠ ᠶᠢ 71.05% ᠪᠠᠷ | ᠪᠠᠭᠠᠰᠬᠠᠪᠠ᠃ | ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠣ ᠣᠶᠢᠯᠡᠰ ᠤᠨ ᠨᠡᠭᠡᠭᠡᠯᠳᠡ ᠶᠢᠨ ᠣᠷᠣᠨ ᠤ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠯ ᠪᠣᠯᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠶᠡᠭᠡ ᠲᠢᠩᠬᠢᠮ ᠳᠤ᠂ | ᠵᠤᠤ ᠯᠦ ᠱᠠᠨ ᠶᠠᠭ ᠬᠡᠦᠬᠡᠳ ᠤᠨ ᠢᠶᠠᠨ ᠰᠤᠷᠭᠠᠭᠤᠯᠢ ᠰᠢᠯᠵᠢᠬᠦ ᠨᠡᠶᠢᠭᠡᠮ ᠤᠨ ᠪᠠᠲᠤᠯᠠᠪᠤᠷᠢ ᠶᠢᠨ ᠭᠡᠷᠡᠴᠢ ᠭᠠᠷᠭᠠᠨ | ᠠᠪᠴᠣ ᠪᠠᠶᠢᠯ᠎ᠠ᠃ ᠵᠣᠣ ᠯᠦ ᠱᠠᠨ ᠤ ᠡᠷᠦᠬᠡ ᠠᠮᠠ ᠶᠢᠨ ᠲᠠᠩᠰᠠ ᠨᠢ ᠨᠡᠭᠡᠭᠡᠯᠳᠡ ᠶᠢᠨ ᠣᠷᠣᠨ ᠳᠤ ᠪᠠᠶᠢᠬᠤ ᠦᠭᠡᠢ | ᠪᠣᠯᠬᠤᠷ ᠥᠩᠭᠡᠷᠡᠭᠰᠡᠨ ᠳᠤ ᠨᠡᠶᠢᠭᠡᠮ ᠤᠨ ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠵᠡᠷᠭᠡ | ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠪᠦᠷ ᠪᠠᠶᠠᠨᠬᠤᠳᠠ ᠳᠤ ᠣᠴᠢᠵᠤ ᠬᠦᠢᠴᠡᠳᠭᠡᠵᠣ ᠪᠠᠶᠢᠪᠠ᠃ ᠡᠨᠡ ᠵᠢᠯ | ᠠᠯᠠᠱᠠ ᠠᠶᠢᠮᠠᠭ ︽ᠠᠶᠢᠮᠠᠭ ᠤᠨ ᠬᠡᠪᠴᠢᠶᠡᠨ ᠳᠤ ᠨᠡᠶᠢᠳᠡᠮ ᠭᠦᠢᠴᠡᠳᠭᠡᠬᠦ︾ ᠲᠤᠬᠠᠶᠢᠯᠠᠭᠰᠠᠨ ᠠᠵᠢᠯ ᠢ ᠡᠬᠢᠯᠡᠨ | ᠬᠢᠵᠦ᠂ ᠵᠣᠣ ᠯᠦ ᠱᠠᠨ ᠵᠥᠪᠬᠡᠨ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠬᠠᠩᠭᠠᠪᠠᠯ ᠨᠡᠶᠢᠭᠡᠮ ᠤᠨ ᠳᠠᠭᠠᠳᠬᠠᠯ ᠤᠨ | ᠰᠦᠢᠳᠭᠡᠯ ᠲᠤᠰᠢᠶᠠᠭᠰᠠᠨ ᠭᠡᠷᠡᠴᠢ ᠶᠢ ᠭᠠᠷᠭᠠᠨ ᠠᠪᠴᠣ ᠪᠣᠯᠬᠤ ᠪᠣᠯᠵᠡᠢ᠃ | ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠬᠦ ᠪᠠ ᠣᠯᠠᠨ ᠲᠦᠮᠡᠨ ᠤ ᠣᠨᠳᠣᠣ ᠭᠠᠵᠠᠷ ᠲᠤ | ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠳᠤ ᠴᠢᠭᠯᠡᠬᠦᠯᠵᠣ᠂ ᠠᠯᠠᠱᠠ ᠠᠶᠢᠮᠠᠭ ᠲᠠᠷᠢᠶᠠᠯᠠᠩ ᠮᠠᠯ | ᠠᠵᠤ ᠠᠬᠤᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ᠂ ᠭᠠᠶᠢᠯᠢ ᠶᠢᠨ | ᠶᠠᠪᠤᠳᠠᠯ᠂ ᠠᠷᠠᠳ ᠤᠨ ᠶᠠᠪᠤᠳᠠᠯ ᠵᠡᠷᠭᠡ 11 ᠰᠠᠯᠠᠭ᠎ᠠ ᠮᠥᠴᠢᠷ ᠲᠤ ᠬᠤᠯᠪᠣᠭᠳᠠᠭᠰᠠᠨ ︽ᠪᠥᠬᠦ ᠠᠶᠢᠮᠠᠭ ᠲᠤ | ᠨᠡᠶᠢᠳᠡᠮ ᠰᠢᠢᠳᠪᠦᠷᠢᠯᠡᠬᠦ︾ ᠳᠥᠷᠪᠡᠳᠦᠭᠡᠷ ᠪᠦᠯᠦᠭ ᠤᠨ 70 ᠵᠦᠢᠯᠡᠰ ᠢ ᠡᠮᠬᠢᠯᠡᠨ ᠭᠠᠷᠭᠠᠵᠤ᠂ ᠪᠥᠬᠦ ᠠᠶᠢᠮᠠᠭ ᠤᠨ | ᠭᠤᠷᠪᠠᠨ ᠬᠤᠰᠢᠭᠤ ᠬᠤᠶᠠᠷ ᠣᠷᠣᠨ ᠳᠤ ᠣᠨᠳᠣᠣ ᠭᠠᠵᠠᠷ ᠲᠤ ᠣᠷᠣᠯᠠᠨ ᠬᠤᠷᠢᠶᠠᠵᠤ ᠣᠷᠣᠯᠠᠨ ᠭᠦᠢᠴᠡᠳᠭᠡᠬᠦ ᠶᠢ | ᠪᠡᠶᠡᠯᠡᠭᠦᠯᠪᠡ᠃ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠣᠷᠣᠨ ᠪᠦᠰᠡ ᠠᠯᠤᠰᠯᠠᠨ ᠰᠢᠭᠤᠳ ᠭᠦᠢᠴᠡᠳᠭᠡᠬᠦ ᠲᠤᠬᠠᠶᠢᠯᠠᠭᠰᠠᠨ ᠠᠵᠢᠯ ᠤᠨ ᠲᠤᠯᠭᠠᠭᠤᠷᠢᠯᠠᠬᠤ | ᠰᠢᠰᠲ᠋ᠧᠮ ᠳᠤ ᠲᠦᠰᠢᠭᠯᠡᠨ᠂ ︽ᠪᠥᠬᠦ ᠠᠶᠢᠮᠠᠭ ᠲᠤ ᠰᠢᠭᠤᠳ ᠭᠦᠢᠴᠡᠳᠭᠡᠬᠦ︾ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨ᠎ᠠ ᠨᠡᠶᠢᠲᠡ 3841 ᠬᠤᠪᠢ ᠶᠢ ᠭᠦᠢᠴᠡᠳᠭᠡᠵᠦ᠂ ᠣᠯᠠᠨ ᠠᠵᠢᠯ ᠲᠥᠷᠥᠯ ᠤᠨ ᠬᠦᠷᠢᠶᠡᠨ ᠳᠠᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡᠨ ᠤ ᠳ᠋ᠠᠶᠢᠲ᠋ᠠ ᠶᠢ ᠣᠷᠣᠨ ᠪᠦᠰᠡ ᠠᠯᠤᠰᠯᠠᠨ ᠬᠠᠮᠲᠤ ᠪᠠᠷ | ᠡᠳ᠋ᠯᠡᠬᠦ᠂ ᠰᠢᠰᠲ᠋ᠧᠮ ᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠪᠡ᠃ | ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠢᠦ ᡁᠢ ᠹᠠᠩ᠂ 2024 ᠣᠨ ᠳᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠳᠣᠲᠣᠷᠠᠬᠢ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ | ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠤᠯᠪᠣᠭᠳᠠᠭᠰᠠᠨ ᠵᠦᠢᠯ ᠢ ᠨᠢᠭᠡᠨᠲᠡ ᠪᠦᠬᠦᠨ ᠢ | ᠪᠡᠶᠡᠯᠡᠭᠦᠯᠵᠦ᠂ ᠬᠤᠶᠢᠰᠢᠳᠠ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠡᠭᠦᠰᠴᠦ᠂ | ᠦᠢᠯᠡᠴᠢᠯᠡᠭᠡᠨ ᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠡᠷᠡᠭᠯᠡᠭᠴᠢ ᠶᠢᠨ | ᠣᠶᠢᠯᠠᠭᠠᠯᠲᠠ ᠶᠢ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠬᠦᠢᠴᠡᠳᠬᠡᠬᠦ︾ ᠪᠠᠷ ᠬᠠᠷᠠᠯᠲᠠ ᠪᠣᠯᠭᠠᠵᠤ | ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠪᠠᠷ ᠭᠦᠢᠴᠡᠳᠭᠡᠬᠦ · ᠴᠢᠳᠠᠮᠠᠭᠠᠢ ᠪᠥᠭᠡᠳ ᠰᠠᠶᠢᠨ ᠦᠢᠯᠡᠴᠢᠯᠡᠬᠦ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠳᠡᠮᠳᠡᠭ ᠢ ᠪᠥᠬᠦ ᠬᠦᠴᠦᠨ ᠢᠶᠠᠷ ᠪᠣᠶ ᠪᠣᠯᠭᠠᠵᠤ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠪᠡ᠃ |