ᠪᠠᠢ ᠬᠠᠢ ᠯᠢᠨ ᠮᠣᠩᠭᠤᠯ ᠤᠯᠤᠰ ᠤᠨ ᠳᠤᠮᠳᠠᠳᠤ ᠶᠢᠨ ᠨᠢᠩᠰᠢᠶᠠ ᠶᠢᠨ ᠬᠤᠳᠠᠯᠳᠤᠭᠠᠴᠢᠨ ᠤ ᠡᠪᠯᠡᠯ ᠤᠨ ᠳᠠᠷᠤᠭ᠎ᠠ ᠴᠢᠨ ᠰᠢᠸ ᠭᠤᠸᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/12/16
    12 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠮᠣᠩᠭᠤᠯ ᠤᠯᠤᠰ ᠤᠨ ᠳᠤᠮᠳᠠᠳᠤ ᠶᠢᠨ ᠨᠢᠩᠰᠢᠶᠠ ᠶᠢᠨ ᠬᠤᠳᠠᠯᠳᠤᠭᠠᠴᠢᠨ ᠤ ᠡᠪᠯᠡᠯ ᠤᠨ ᠳᠠᠷᠤᠭ᠎ᠠ ᠴᠢᠨ ᠰᠢᠸ ᠭᠤᠸᠠᠩ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠪᠣᠭᠤᠮᠲᠠ ᠶᠢᠨ ᠪᠠᠷᠠᠭᠠᠨ ᠤ ᠭᠦᠢᠯᠭᠡᠭᠡ ᠂ ᠠᠷᠠᠯᠵᠢᠶ᠎ᠠ ᠬᠤᠳᠠᠯᠳᠤᠭᠠᠨ ᠤ ᠬᠠᠮᠲᠤᠷᠠᠯᠴᠠᠭ᠎ᠠ ᠵᠡᠷᠭᠡ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃
1.jpg
    ᠪᠠᠢ ᠬᠠᠢ ᠯᠢᠨ ᠴᠢᠨ ᠰᠢᠸ ᠭᠤᠸᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠮᠣᠩᠭᠤᠯ ᠤᠯᠤᠰ ᠤᠨ ᠳᠤᠮᠳᠠᠳᠤ ᠶᠢᠨ ᠨᠢᠩᠰᠢᠶᠠ ᠶᠢᠨ ᠬᠤᠳᠠᠯᠳᠤᠭᠠᠴᠢᠨ ᠤ ᠡᠪᠯᠡᠯ ᠭᠠᠳᠠᠭᠠᠳᠤ ᠠᠷᠠᠯᠵᠢᠶ᠎ᠠ ᠶᠢ ᠣᠯᠠᠨ ᠵᠢᠯ ᠡᠷᠭᠢᠯᠡᠵᠦ᠂ ᠮᠣᠩᠭᠤᠯ ᠤᠯᠤᠰ ᠤᠨ ᠡᠯ᠎ᠡ ᠬᠦᠷᠢᠶᠡᠨ ᠳᠠᠬᠢ ᠬᠤᠯᠪᠣᠭᠠᠰᠤ ᠪᠣᠯᠤᠭᠰᠠᠨ ᠪᠠᠶᠢᠨ᠎ᠠ᠃ ᠠᠯᠠᠱᠠ ᠪᠣᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠪᠠᠶᠢᠵᠤ᠂ ᠬᠢᠯᠢ ᠶᠢᠨ ᠳᠣᠲᠣᠷᠠᠬᠢ ᠥᠯᠵᠡᠢ ᠪᠣᠭᠤᠮᠲᠠ ᠶᠢ ᠶᠠᠭ ᠱᠠᠯᠠᠪᠳᠠᠨ ᠪᠦᠲᠦᠭᠡᠨ ᠪᠠᠶᠢᠭᠤᠯᠵᠤ ᠪᠠᠶᠢᠭ᠎ᠠ ᠪᠣᠯᠬᠤᠷ ᠳᠤᠮᠳᠠᠳᠤ ᠮᠣᠩᠭᠤᠯ ᠤᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠶᠢ ᠨᠢᠭᠲᠠᠷᠠᠭᠤᠯᠬᠤ᠂ ᠡᠷᠬᠢᠨ ᠲᠣᠭᠤᠷᠢᠨ ᠤ ᠮᠤᠵᠢ ᠣᠷᠣᠨ ᠤ ᠬᠥᠭᠵᠢᠯᠲᠡ ᠶᠢ ᠳᠠᠶᠢᠴᠢᠯᠠᠬᠤ ᠳᠤ ᠠᠯᠤᠰ ᠬᠡᠳᠤ ᠶᠢᠨ ᠨᠥᠯᠥᠭᠡ ᠦᠵᠡᠭᠦᠯᠬᠦ ᠨᠢ ᠯᠠᠪᠲᠠᠢ ᠶᠤᠮ᠃ ᠬᠤᠶᠠᠷ ᠲᠠᠯ᠎ᠠ ᠪᠠᠷ ᠢᠶᠠᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ᠂ ᠭᠠᠳᠠᠭᠠᠳᠤ ᠠᠷᠠᠯᠵᠢᠶ᠎ᠠ᠂ ᠤᠯᠠᠨ ᠤᠯᠤᠰ ᠤᠨ ᠡᠨᠧᠷᠭᠢ ᠡᠬᠢ ᠪᠠᠶᠠᠯᠢᠭ ᠤᠨ ᠬᠠᠮᠲᠤᠷᠠᠯᠴᠠᠭ᠎ᠠ ᠵᠡᠷᠭᠡ ᠤᠯᠠᠨ ᠬᠦᠷᠢᠶᠡᠨ ᠤ ᠣᠯᠣᠯᠴᠠᠭ᠎ᠠ ᠰᠣᠯᠢᠯᠴᠠᠭ᠎ᠠ ᠶᠢᠨ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠠᠯᠠᠱᠠ ᠶᠢᠨ ᠥᠨᠳᠥᠷ ᠲᠦᠪᠰᠢᠨ ᠲᠠᠢ ᠭᠠᠳᠠᠭᠠᠳᠤ ᠨᠡᠭᠡᠭᠡᠯᠲᠡ ᠬᠢᠵᠤ ᠰᠠᠶᠢᠨ ᠦᠷ᠎ᠡ ᠪᠦᠳᠦᠮᠵᠢ ᠣᠯᠬᠤ ᠶᠢ ᠴᠢᠷᠮᠠᠶᠢᠨ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
2.jpg
    ᠴᠢᠨ ᠰᠢᠸ ᠭᠤᠸᠠᠩ᠂ ᠠᠯᠠᠱᠠ ᠶᠢᠨ ᠤᠮᠠᠷᠠᠰᠢ ᠨᠡᠭᠡᠭᠡᠯᠲᠡ ᠬᠢᠬᠦ ᠣᠷᠣᠨ ᠪᠠᠶᠢᠷᠢ ᠨᠢ ᠥᠪᠡᠷᠮᠢᠴᠡ᠂ ᠳᠠᠪᠠᠭᠤᠯᠢᠭ ᠲᠠᠯ᠎ᠠ ᠨᠢ ᠢᠯᠡᠷᠬᠡᠢ  ᠲᠤᠯᠠ ᠣᠷᠣᠨ ᠨᠤᠲᠤᠭ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠯᠵᠡᠢ ᠪᠣᠭᠤᠮᠲᠠ ᠶᠢᠨ ᠴᠢᠳᠠᠪᠬᠢ ᠶᠢᠨ ᠪᠠᠶᠢᠷᠢ ᠲᠣᠭᠲᠠᠭᠠᠯᠲᠠ ᠪᠣᠯᠣᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠬᠤᠳᠠᠯᠳᠤᠭᠠᠴᠢᠨ ᠤ ᠡᠪᠯᠡᠯ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ ᠶᠢᠨ ᠠᠷᠠᠯᠵᠢᠶᠠᠨ ᠤ ᠬᠠᠮᠲᠤᠷᠠᠯᠴᠠᠭᠠᠨ ᠤ ᠲᠦᠷᠦᠯ ᠵᠦᠢᠯ ᠢ ᠢᠳᠡᠪᠬᠢᠲᠡᠢ ᠠᠬᠢᠭᠤᠯᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠬᠦ ᠪᠠᠷ ᠴᠢᠷᠮᠠᠶᠢᠨ᠎ᠠ ᠭᠡᠪᠡ᠃     ᠪᠦᠦ ᠶᠧ ᠠᠭᠤᠯᠵᠠᠯᠳᠠ ᠳᠤ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号