12 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠬᠤᠸᠠᠩ ᠶᠠ ᠯᠢ ᠲᠤᠰᠬᠠᠢ | ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠠᠶᠢᠮᠠᠭ ᠤᠨ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠲᠥᠷᠥᠯ ᠵᠦᠢᠯ ᠤᠨ ᠲᠥᠯᠦᠪᠵᠢᠭᠦᠯᠭᠡ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ | ᠵᠡᠷᠭᠡ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠳᠤ ᠣᠷᠣᠯᠴᠠᠵᠠᠢ᠃ | | | | | | | | | | | | | | | | | | ᠬᠤᠸᠠᠩ ᠶᠠ ᠯᠢ ᠪᠦᠬᠦ ᠠᠶᠢᠮᠠᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠳᠤ ᠰᠠᠶᠢᠨ | ᠦᠨᠡᠯᠡᠯᠳᠡ ᠦᠭᠪᠡ᠃ ᠲᠡᠷᠡ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠣᠯ ᠠᠯᠠᠱᠠ ᠶᠢᠨ ᠡᠭᠦᠷᠭᠡᠯᠡᠵᠦ | ᠪᠠᠶᠢᠭ᠎ᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠂ ᠪᠦᠬᠦ ᠬᠦᠴᠦ ᠪᠠᠨ ᠲᠦᠪᠯᠡᠷᠡᠭᠦᠯᠦᠨ᠂ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠠᠶᠢᠯᠠᠯᠳᠤᠭᠠᠨ ᠢ ᠰᠠᠶᠢᠨ ᠬᠢᠵᠦ᠂ ᠮᠠᠨ ᠤ ᠤᠯᠤᠰ ᠤᠨ ᠤᠮᠠᠷᠠᠲᠤ ᠶᠢᠨ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠶᠡᠭᠡ ᠬᠠᠷᠢᠭᠤᠴᠠᠯᠭ᠎ᠠ ᠪᠠᠨ ᠦᠨᠡᠨ | ᠬᠦ ᠰᠠᠶᠢᠲᠤᠷ ᠭᠦᠢᠴᠡᠳᠬᠡᠬᠦ ᠬᠡᠷᠡᠭᠲᠡᠢ᠃ ᠲᠦᠷᠦᠯ ᠵᠦᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠢᠯᠢ | ᠬᠢᠵᠠᠭᠠᠷ ᠢᠶᠠᠨ ᠰᠠᠬᠢᠵᠤ᠂ ᠵᠠᠭᠠᠭ ᠬᠢᠵᠠᠭᠠᠷ ᠢᠶᠠᠨ ᠪᠢᠳᠡᠭᠦᠮᠵᠢᠯᠡᠨ᠂ ᠵᠠᠰᠠᠮᠠᠯ ᠵᠠᠮ ᠢᠶᠠᠨ ᠬᠠᠮᠠᠭᠠᠯᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠦᠷᠦᠯ ᠵᠦᠢᠯ ᠢ ︽ᠬᠢᠯᠢ | ᠬᠢᠵᠠᠭᠠᠷ ᠲᠠᠭᠠᠤ᠂ ᠵᠠᠭᠠᠭ ᠬᠢᠵᠠᠭᠠᠷ ᠲᠠᠭᠠᠤ᠂ ᠵᠠᠰᠠᠮᠠᠯ ᠵᠠᠮ ᠲᠠᠭᠠᠤ︾ ᠲᠡᠶᠢᠰᠢ ᠪᠠᠶᠢᠷᠢᠰᠢᠭᠤᠯᠬᠤ ᠶᠢ ᠠᠬᠢᠭᠤᠯᠵᠤ᠂ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠠᠵᠤ ᠦᠢᠯᠡᠰ ᠢ ᠬᠥᠭᠵᠢᠭᠦᠯᠬᠦ᠂ ᠬᠢᠯᠢ ᠬᠢᠵᠠᠭᠠᠷ ᠢ ᠰᠠᠬᠢᠨ | ᠬᠠᠮᠠᠭᠠᠯᠠᠬᠤ ᠠᠵᠢᠯ ᠢ ᠰᠢᠰᠲ᠋ᠧᠮ ᠲᠠᠢ ᠲᠦᠯᠦᠪᠵᠢᠭᠦᠯᠦᠨ ᠨᠢᠭᠡ ᠴᠤᠬᠴᠠᠵᠢᠭᠤᠯᠬᠤ ᠶᠢ ᠠᠬᠢᠭᠤᠯᠬᠤ ᠬᠡᠷᠡᠭᠲᠡᠢ᠃ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠭᠠᠨᠰᠤ᠂ ᠨᠢᠩᠰᠢᠶᠠ ᠵᠢᠴᠢ ᠬᠦᠷᠰᠢ | ᠵᠡᠷᠭᠡᠯᠡᠳᠡᠭᠡ ᠠᠶᠢᠮᠠᠭ ᠬᠤᠲᠠ ᠶᠢᠨ ᠬᠠᠮᠲᠤᠷᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠂ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠵᠠᠰᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠡᠯᠡᠰᠦᠨ ᠴᠥᠯ ᠤᠨ | ᠬᠥᠪᠡᠭᠡ ᠵᠠᠬ᠎ᠠ᠂ ᠭᠤᠤᠯ ᠤᠷᠤᠨ᠂ ᠰᠠᠯᠬᠢᠨ ᠤ ᠲᠡᠭᠡᠳᠦ ᠲᠤᠤᠷᠠᠳᠤ ᠠᠮᠠ᠂ ᠡᠯᠡᠰᠦᠨ ᠴᠦᠯ ᠤᠨ ᠬᠦᠪᠡᠭᠡ | ᠵᠠᠬ᠎ᠠ ᠶᠢᠨ ᠣᠷᠣᠨ ᠪᠠ ᠵᠠᠰᠠᠮᠠᠯ ᠵᠠᠮ ᠱᠤᠭᠤᠮ ᠤᠨ ᠣᠷᠣᠨ ᠤ ᠰᠢᠰᠲ᠋ᠧᠮ ᠲᠠᠢ ᠵᠠᠰᠠᠯᠲᠠ ᠶᠢ ᠬᠤᠯᠪᠤᠭᠠᠯᠠᠨ | ᠠᠬᠢᠭᠤᠯᠬᠤ ᠬᠡᠷᠡᠭᠲᠡᠢ᠃ ᠢᠷᠡᠬᠦ ᠵᠢᠯ ᠤᠨ ᠠᠵᠢᠯ ᠢ ᠡᠷᠲᠡ ᠠᠴᠠ ᠭᠠᠷᠳᠠᠨ ᠬᠢᠵᠦ᠂ ᠵᠠᠰᠠᠯᠲᠠ ᠪᠠᠨ ᠴᠢᠩᠭᠠᠳᠬᠠᠨ᠂ | ᠦᠷ᠎ᠡ ᠪᠦᠲᠦᠮᠵᠢ ᠪᠠᠨ ᠲᠡᠭᠡᠭᠰᠢᠯᠡᠭᠦᠯᠵᠤ᠂ ᠥᠪᠡᠷ ᠤᠨ ᠦᠷᠳᠡᠭ ᠢ ᠪᠠᠭᠤᠷᠠᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠴᠢᠬᠢ | ᠮᠣᠳᠣ᠂ ᠮᠠᠲ᠋ᠧᠷᠢᠶᠠᠯ ᠨᠥᠭᠡᠴᠡᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠲᠡᠷᠢᠭᠦᠨ ᠤ ᠮᠡᠷᠭᠡᠵᠢᠯ ᠤᠨ ᠬᠡᠷᠡᠭᠯᠡᠭᠡ | ᠪᠣᠯᠣᠨ ᠮᠠᠰᠢᠨ ᠲᠥᠬᠦᠭᠡᠷᠦᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠤᠷᠤᠨ ᠨᠤᠳᠤᠭ ᠤᠨ ᠠᠵᠤ ᠠᠬᠤᠶᠢᠯᠠᠯ | ᠪᠣᠯᠣᠨ ᠥᠷᠭᠡᠨ ᠤᠯᠠᠨ ᠮᠠᠯᠴᠢᠨ ᠲᠠᠷᠢᠶᠠᠴᠢᠨ ᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠠᠭ᠎ᠠ ᠪᠡᠯᠡ ᠣᠷᠣᠭᠤᠯᠤᠯᠲᠠ ᠪᠠᠷ ᠡᠯᠡᠰᠦᠷᠭᠡᠭᠵᠢᠭᠰᠡᠨ ᠭᠠᠵᠠᠷ ᠢ ᠶᠡᠭᠡ | ᠬᠡᠪᠴᠢᠶ᠎ᠡ ᠪᠠᠷ ᠵᠠᠰᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ ᠭᠡᠪᠡ᠃ |