12 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ | ᠪᠠᠢ ᠬᠠᠢ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠢ ᠶᠢᠨ | ᠪᠠᠶᠢᠭᠤᠯᠤᠮᠵᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠮᠤᠷ ᠲᠣᠭᠲᠠᠭᠤᠨ ᠤ ᠠᠵᠢᠯ ᠳᠤ ᠪᠠᠶᠢᠷᠢᠯᠠᠭᠤᠯᠤᠯᠲᠠ ᠬᠢᠵᠦ᠂ | ᠠᠶᠢᠮᠠᠭ ᠤᠨ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠵᠡᠷᠭᠡ 5 ᠰᠠᠯᠠᠭ᠎ᠠ ᠮᠥᠴᠢᠷ ᠪᠣᠯᠣᠨ ᠡᠯ᠎ᠡ ᠬᠤᠰᠢᠭᠤ | ᠣᠷᠣᠨ ᠤ ᠬᠢᠨ ᠬᠠᠷᠢᠭᠤ ᠮᠡᠳᠡᠭᠦᠯᠦᠯᠲᠡ ᠬᠢᠵᠦ᠂ ᠠᠶᠢᠮᠠᠭ ᠤᠨ ᠳᠡᠳ᠋ ᠲᠠᠷᠤᠭ᠎ᠠ ᠨᠠᠷ ᠠᠴᠠ ᠬᠤᠪᠢᠳᠠᠨ ᠬᠠᠮᠢᠶᠠᠷᠴᠤ | ᠪᠠᠶᠢᠭ᠎ᠠ ᠬᠦᠷᠢᠶᠡᠨ ᠳᠠᠬᠢ ᠠᠵᠢᠯ ᠳᠠᠭᠠᠨ ᠪᠣᠳᠠᠲᠠᠢ ᠱᠠᠭᠠᠷᠳᠠᠯᠭ᠎ᠠ ᠳᠤᠷᠠᠳᠪᠠ᠃ ᠬᠤᠷᠠᠯ ᠠᠴᠠ᠂ ᠡᠨᠡ ᠵᠢᠯ ᠤᠨ | ᠡᠴᠦᠰ ᠢᠷᠡᠬᠦ ᠵᠢᠯ ᠤᠨ ᠡᠬᠢᠨ᠂ ᠢᠯᠠᠩᠭᠤᠶ᠎ᠠ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ | ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠥᠷᠢᠴᠡᠯ | ᠵᠢᠭᠤᠷᠠᠯᠳᠤᠭᠠᠨ ᠤ ᠠᠶᠤᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ︾᠂ ︽ | ᠠᠶᠤᠯᠭᠦᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠠᠶᠢᠴᠠᠭᠠᠵᠦ | ᠴᠡᠭᠴᠡᠯᠡᠨ ᠵᠠᠰᠠᠬᠤ︾ ᠲᠤᠰᠬᠠᠢ ᠲᠦᠷᠦᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠣᠷᠣᠨ ᠪᠠᠶᠢᠷᠢ ᠳᠤ | ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ | ᠴᠡᠭᠴᠡᠯᠡᠵᠤ᠂ ᠠᠵᠢᠯ ᠤᠨ ᠭᠤᠣᠯᠳᠠᠯᠭ᠎ᠠ ᠪᠠᠨ ᠨᠢᠭᠡᠳᠦᠭᠡᠷ ᠹᠷᠤᠨᠲ ᠲᠤ ᠰᠢᠯᠵᠢᠭᠦᠯᠬᠦ ᠶᠢ ᠪᠠᠷᠢᠮᠲᠠᠯᠠᠵᠤ᠂ ᠡᠬᠢ | ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠬᠡᠷᠡᠭᠵᠢᠭᠦᠯᠦᠨ᠂ ᠠᠷᠭ᠎ᠠ ᠪᠦᠬᠦᠨ ᠢ | ᠰᠦᠪᠡᠭᠴᠢᠯᠡᠨ ᠵᠥᠷᠢᠴᠡᠯ ᠵᠢᠭᠤᠷᠠᠯᠳᠤᠭᠠᠨ ᠢ ᠨᠠᠮᠳᠠᠭᠤᠯᠵᠤ᠂ ᠨᠡᠶᠢᠭᠡᠮ ᠪᠠ ᠠᠷᠠᠳ ᠲᠦᠮᠡᠨ ᠤ ᠠᠮᠤᠷ ᠲᠣᠭᠲᠠᠭᠤᠨ ᠢ | ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃ | ᠬᠤᠷᠠᠯ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠤᠯᠠᠮᠵᠢᠯᠠᠨ ᠰᠤᠷᠤᠯᠴᠠᠵᠤ᠂ ᠵᠥᠪ ᠣᠨᠣᠪᠴᠢᠲᠠᠢ ᠠᠵᠢᠯ ᠤᠨ | ᠦᠵᠡᠯᠲᠡ ᠶᠢ ᠪᠤᠢ ᠪᠣᠯᠭᠠᠵᠤ᠂ ᠲᠤᠭ᠎ᠠ ᠪᠦᠷᠢᠳᠭᠡᠯ ᠢ ᠬᠠᠤᠯᠢ ᠶᠣᠰᠣᠭᠠᠷ᠂ ᠪᠦᠬᠦ ᠲᠠᠯ᠎ᠠ ᠪᠠᠷ᠂ ᠦᠨᠡᠨ ᠪᠣᠳᠠᠲᠠᠢ᠂ | ᠵᠦᠪ ᠣᠨᠣᠪᠴᠢᠲᠠᠢ ᠪᠦᠷᠢᠳᠬᠡᠬᠦ ᠶᠢ ᠪᠠᠷᠢᠮᠲᠠᠯᠠᠵᠤ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠢ ᠡᠷᠡᠰ | ᠰᠡᠷᠭᠡᠶᠢᠯᠡᠬᠦ ᠪᠠ ᠵᠠᠯᠬᠠᠭᠠᠨ ᠰᠢᠳᠭᠡᠵᠤ᠂ ᠲᠤᠭ᠎ᠠ ᠪᠦᠷᠢᠳᠭᠡᠯ ᠢ ᠬᠢᠨᠠᠨ ᠵᠠᠳᠠᠯᠬᠤ ᠪᠠᠨ ᠴᠢᠩᠭᠠᠳᠬᠠᠨ᠂ ᠵᠢᠭᠠᠨ | ᠵᠢᠯᠤᠭᠤᠳᠬᠤ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠨᠠᠷ ᠰᠠᠶᠢᠲᠠᠢ ᠲᠤᠭ᠎ᠠ | ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ᠂ 2025 ᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠭᠤᠣᠯ | ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠣᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠲᠥᠯᠥᠪᠵᠢᠭᠦᠯᠦᠭᠰᠡᠨ ᠪᠠᠶᠢᠳᠠᠯ ᠢ ᠰᠤᠳᠤᠯᠵᠤ᠂ ᠠᠵᠤ ᠠᠬᠤᠢ ᠶᠢᠨ ᠲᠣᠭᠲᠠᠭᠤᠨ ᠢ ᠪᠠᠳᠤᠯᠠᠬᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠵᠠᠷᠴᠢᠮ ᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ | ᠣᠶᠢᠯᠠᠭᠠᠭᠳᠠᠬᠤᠨ ᠢ ᠪᠦᠷᠢᠨ ᠣᠨᠣᠪᠴᠢᠲᠠᠢ ᠪᠦᠬᠦ ᠲᠠᠯ᠎ᠠ ᠪᠠᠷ ᠳᠣᠣᠱᠯᠠᠭᠤᠯᠵᠦ᠂ ᠦᠨᠡᠨ ᠠᠴᠠ ᠵᠥᠪ ᠢ ᠡᠷᠢᠨ᠂ | ᠰᠢᠨ᠎ᠡ ᠶᠢ ᠡᠭᠦᠳᠴᠦ᠂ ᠲᠡᠷᠢᠭᠦᠨ ᠳᠤ ᠤᠷᠤᠵᠤ ᠰᠢᠨ᠎ᠡ ᠠᠮᠵᠢᠯᠳᠠ ᠭᠠᠷᠭᠠᠬᠤ ᠪᠠᠷ ᠴᠢᠷᠮᠠᠶᠢᠵᠤ᠂ ᠢᠷᠡᠬᠦ ᠵᠢᠯ ᠤᠨ | ᠠᠵᠢᠯ ᠤᠨ ᠰᠡᠳᠬᠢᠴᠡ᠂ ᠬᠠᠷᠠᠯᠲᠠ ᠡᠭᠦᠷᠭᠡ ᠪᠣᠯᠣᠨ ᠪᠣᠳᠠᠲᠠᠢ ᠠᠷᠭ᠎ᠠ ᠬᠡᠮᠵᠢᠶ᠎ᠡ ᠪᠠᠨ ᠨᠠᠷᠢᠨ ᠨᠢᠮᠪᠠᠢ | ᠲᠦᠯᠦᠪᠵᠢᠭᠦᠯᠦᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠮᠢ ᠠᠬᠤᠢ ᠶᠢᠨ ᠵᠠᠰᠠᠯᠲᠠ᠂ ᠨᠡᠶᠢᠭᠡᠮ ᠤᠨ ᠠᠷᠠᠳ ᠤᠨ | ᠠᠮᠢᠳᠤᠷᠠᠯ ᠵᠡᠷᠭᠡ ᠲᠠᠯ᠎ᠠ ᠪᠠᠷ ᠨᠡᠩ ᠤᠯᠠᠨ ᠰᠢᠪᠲᠤᠯᠤᠯᠲᠠ ᠭᠠᠷᠭᠠᠵᠤ᠂ ᠶᠡᠭᠡ ᠲᠠᠪᠰᠢᠯᠳᠠ ᠤᠯᠬᠤ ᠶᠢ ᠪᠡᠶᠡᠯᠡᠭᠦᠯᠦᠨ᠂ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠡᠨᠡ ᠵᠢᠯ | ᠤᠨ ᠠᠵᠢᠯ ᠳᠠᠭᠠᠨ ᠰᠠᠶᠢᠨ ᠰᠢᠪᠳᠤᠯᠤᠯᠳᠠ ᠭᠠᠷᠭᠠᠬᠤ ᠪᠠᠷ ᠵᠢᠯ ᠤᠨ ᠡᠴᠦᠰ ᠤᠨ ᠡᠯ᠎ᠡ ᠲᠦᠷᠦᠯ ᠤᠨ ᠠᠵᠢᠯ ᠢᠶᠠᠨ | ᠯᠠᠪᠳᠠᠭᠤᠨ ᠪᠠᠳᠤᠳᠠᠢ ᠠᠬᠢᠭᠤᠯᠵᠤ᠂ ᠪᠦᠬᠦ ᠵᠢᠯ ᠤᠨ ᠲᠤᠬᠳᠠᠭᠠᠬᠰᠠᠨ ᠬᠠᠷᠠᠯᠳᠠ ᠡᠭᠦᠷᠭᠡ ᠪᠠᠨ ᠠᠮᠵᠢᠯᠳᠠ ᠲᠠᠢ | ᠪᠡᠶᠡᠯᠡᠭᠦᠯᠬᠦ ᠶᠢ ᠪᠠᠳᠤᠯᠠᠬᠤ ᠬᠡᠷᠡᠭᠳᠡᠢ ᠭᠡᠪᠡ᠃ | ᠬᠤᠷᠠᠯ ᠳᠤ᠂ ︽ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠰᠠᠨᠠᠯ︾ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠠᠶᠢᠮᠠᠭ ᠬᠤᠰᠢᠭᠤ ᠬᠤᠯᠪᠤᠭᠠᠯᠠᠨ ᠬᠥᠳᠡᠯᠦᠯᠴᠡᠵᠦ᠂ ᠬᠠᠮᠳᠤᠪᠠᠷ | ᠬᠦᠴᠦᠯᠡᠬᠦ ᠶᠢ ᠪᠠᠷᠢᠮᠲᠠᠯᠠᠨ᠂ ᠪᠣᠳᠠᠲᠠᠢ ᠳᠤ ᠰᠠᠭᠤᠷᠢᠯᠠᠨ ᠲᠦᠯᠦᠪᠵᠢᠭᠦᠯᠭᠡ ᠪᠠᠨ ᠰᠠᠶᠢᠨ ᠬᠢᠵᠤ᠂ | ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢᠨ ᠲᠡᠮᠵᠢᠯᠭᠡ ᠶᠢ ᠤᠯᠵᠤ᠂ ᠠᠯᠠᠱᠠ ᠵᠡᠭᠦᠨ | ᠬᠤᠰᠢᠭᠤᠨ ᠤ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠲᠦᠷᠭᠡᠳᠭᠡᠬᠦ ᠪᠠ ᠶᠡᠷᠦᠩᠬᠡᠶᠢᠯᠡᠭᠰᠡᠨ ᠪᠣᠳᠠᠲᠤ | ᠬᠦᠴᠦᠨ ᠢᠶᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ᠂ ᠪᠦᠬᠦ ᠠᠶᠢᠮᠠᠭ ᠤᠨ ᠠᠵᠤ ᠠᠬᠤᠢ ᠶᠢᠨ ᠪᠠᠶᠢᠭᠤᠯᠣᠯ ᠪᠣᠯᠣᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠣᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠠᠵᠢᠯ ᠤᠨ ᠪᠠᠶᠢᠳᠠᠯ ᠢ ᠰᠣᠨᠣᠰᠴᠤ᠂ ᠳᠡᠭᠡᠳᠦ | ᠱᠠᠳᠤ ᠪᠤᠯᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠡᠭᠦᠷᠭᠡ ᠶᠢ ᠠᠩᠬᠠᠷᠴᠤ᠂ ᠪᠤᠳᠠᠳᠠᠢ | ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ | ᠰᠠᠶᠢᠲᠤᠷ ᠠᠳᠬᠤᠨ᠂ ᠮᠥᠷᠳᠡᠨ ᠱᠠᠯᠠᠪᠳᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠳᠤ ᠪᠠᠰᠠ ᠠᠯᠠᠱᠠ ᠠᠶᠢᠮᠠᠭ ᠤᠨ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠬᠡᠷᠡᠭᠵᠢᠭᠦᠯᠬᠦ ᠲᠥᠰᠥᠯ ᠵᠡᠷᠭᠡ ᠶᠢ ᠬᠢᠨᠠᠨ ᠶᠠᠷᠢᠯᠴᠠᠵᠤ᠂ ᠠᠵᠤ ᠠᠬᠤᠶᠢᠯᠠᠯ ᠤᠨ ᠲᠠᠩᠰᠠ ᠮᠦᠩᠭᠦ | ᠥᠷᠢᠲᠦᠬᠦ ᠵᠡᠷᠭᠡ ᠵᠦᠢᠯᠡᠰ ᠢ ᠰᠤᠳᠤᠯᠤᠨ ᠶᠠᠷᠢᠯᠴᠠᠵᠠᠢ᠃ | |