ᠵᠠᠰᠠᠭ ᠤᠨ ᠤᠷᠳᠤᠨ ᠠᠵᠤ ᠠᠬᠤᠶᠢᠯᠠᠯ ᠰᠡᠳᠬᠢᠯ ᠨᠢᠭᠡᠳᠦᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/12/17
    ᠥᠷᠯᠥᠭᠡ ᠪᠦᠷᠢ ᠭᠠᠳᠠᠷ ᠮᠤᠵᠢ ᠶᠢᠨ ᠲᠣᠬᠢᠷᠠᠭᠤᠯᠤᠨ ᠬᠦᠷᠭᠡᠬᠦ ᠮᠠᠰᠢᠨ ᠲᠡᠷᠭᠡ ᠶᠡᠭᠡ ᠬᠡᠮᠵᠢᠶᠡᠨ ᠤ ᠰᠢᠨ᠎ᠡ ᠰᠣᠷᠭᠤᠭ ᠦᠢᠯᠡᠳᠬᠦᠨ ᠢ ᠬᠥᠬᠡᠬᠤᠲᠠ ᠶᠢᠨ 20 ᠭᠠᠷᠤᠢ ᠬᠡᠯᠬᠢᠶᠡᠳᠤ ᠬᠠᠮ ᠳᠡᠯᠭᠡᠭᠦᠷ ᠲᠤ ᠬᠦᠷᠬᠡᠵᠦ ᠢᠷᠡᠬᠡᠳ ᠲᠠᠷᠦ᠋ᠢᠬᠠᠨ ᠪᠤᠴᠠᠵᠤ ᠪᠠᠷᠠᠭ᠎ᠠ ᠪᠠᠨ ᠳᠡᠬᠡᠬᠡᠪᠦᠷᠢᠯᠡᠵᠦ ᠪᠤᠯᠬᠤ ᠪᠤᠯᠪᠠ᠃ ᠡᠨᠡ ᠨᠢ ᠬᠥᠬᠡᠬᠤᠲᠠ ᠶᠢᠨ ᠠᠷᠠᠳ ᠲᠤ ᠰᠢᠨ᠎ᠡ ᠰᠣᠷᠭᠤᠭ ᠢᠳᠡᠭᠡᠨ ᠤ ᠮᠠᠲ᠋ᠧᠷᠢᠶᠠᠯ ᠬᠠᠩᠭᠠᠭᠰᠠᠨ ᠢᠶᠠᠷ ᠪᠠᠷᠠᠬᠤ ᠦᠭᠡᠢ ᠵᠢᠯᠣᠭᠤᠴᠢ ᠶᠢᠨ ᠴᠠᠭ ᠲᠤᠬᠠᠢ ᠳᠠᠭᠠᠨ ᠪᠤᠴᠠᠵᠤ ᠳᠡᠶᠢᠯᠬᠦ ᠦᠭᠡᠢ ᠰᠠᠨᠠᠭᠠᠰᠢᠷᠠᠯ ᠢ ᠴᠤ ᠰᠶᠢᠳᠪᠦᠷᠢᠯᠡᠵᠦ ᠥᠭᠭᠦᠭᠰᠡᠨ ᠪᠠᠶᠢᠨ᠎ᠠ᠃    ᠡᠨᠡᠬᠦ ᠠᠰᠠᠭᠤᠳᠠᠯ ᠨᠢ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠤᠷᠠᠯᠳᠤᠭᠤᠯᠤᠭᠰᠠᠨ ᠠᠩᠬᠠᠳᠠᠭᠴᠢ ᠬᠤᠷᠠᠯ ︽ᠵᠠᠰᠠᠭ ᠤᠨ ᠤᠷᠳᠤᠨ ᠪᠠ ᠠᠵᠤ ᠠᠬᠤᠶᠢᠯᠠᠯ ᠤᠨ ᠰᠡᠳᠬᠢᠯ ᠢᠶᠠᠨ ᠤᠯᠤᠯᠴᠠᠬᠤ ᠶᠠᠷᠢᠯᠴᠠᠬᠤ ᠬᠤᠷᠠᠯ︾ ᠲᠡᠭᠡᠷ᠎ᠡ ᠰᠶᠢᠳᠪᠦᠷᠢᠯᠡᠭᠳᠡᠭᠰᠡᠨ ᠪᠢᠯᠠ᠃ ᠬᠤᠷᠠᠯ ᠳᠡᠭᠡᠷ᠎ᠡ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠲᠣᠬᠢᠷᠠᠭᠤᠯᠤᠨ ᠬᠦᠷᠭᠡᠬᠦ ᠲᠠᠯ᠎ᠠ ᠪᠠᠷ ᠬᠢ ᠬᠦᠴᠢᠷᠳᠡᠯ ᠢ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ᠂ ᠬᠠᠮ ᠳᠡᠯᠭᠡᠭᠦᠷ ᠤᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠳᠤ ᠨᠡᠪᠲᠡᠷᠡᠬᠦ ᠦᠨᠡᠮᠯᠡᠯ ᠢ ᠴᠠᠭ ᠲᠤᠬᠠᠢ ᠳᠤᠨᠢ ᠭᠦᠢᠴᠡᠳᠬᠡᠨ ᠥᠭᠴᠦ᠂ ᠠᠵᠤ ᠠᠬᠤᠶᠢᠯᠠᠯ ᠤᠨ ᠪᠠᠴᠢᠮ ᠳᠣᠯᠭᠠᠮ᠎ᠠ ᠠᠰᠠᠭᠤᠳᠠᠯ ᠢ ᠰᠶᠢᠳᠪᠦᠷᠢᠯᠡᠵᠡᠢ᠃    ︽ᠵᠠᠰᠠᠭ ᠤᠨ ᠤᠷᠳᠤᠨ ᠪᠠ ᠠᠵᠤ ᠠᠬᠤᠶᠢᠯᠠᠯ ᠤᠨ ᠰᠡᠳᠬᠢᠯ ᠢᠶᠠᠨ ᠤᠯᠤᠯᠴᠠᠬᠤ ᠶᠠᠷᠢᠯᠴᠠᠬᠤ ᠬᠤᠷᠠᠯ︾ ᠢ ᠬᠤᠷᠠᠯᠳᠤᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠳᠣᠣᠱᠯᠠᠭᠤᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠯ ᠵᠣᠷᠢᠭ ᠢ ᠪᠠᠲᠤᠳᠬᠠᠬᠤ ᠂ ᠬᠦᠴᠢᠷ ᠠᠰᠠᠭᠤᠳᠠᠯ ᠢ ᠰᠶᠢᠳᠪᠦᠷᠢᠯᠡᠬᠦ᠂ ᠬᠥᠮᠥᠰ ᠤᠨ ᠰᠡᠳᠬᠢᠯ ᠢ ᠳᠤᠯᠠᠭᠠᠴᠠᠭᠤᠯᠬᠤ ᠠᠵᠢᠯ ᠢ ᠨᠠᠷᠢᠯᠢᠭ ᠪᠥᠭᠡᠳ ᠪᠣᠳᠠᠲᠠᠢ ᠪᠠᠷ ᠬᠢᠭᠰᠡᠨ ᠤ ᠠᠮᠢᠳᠤᠯᠢᠭ ᠬᠤᠷᠢᠶᠠᠩᠭᠤᠢ ᠳᠦᠷᠰᠦ ᠪᠣᠯᠣᠨ᠎ᠠ᠃    ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠴᠢᠨᠠᠭᠰᠢᠳᠠ ᠬᠥᠪᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠪᠣᠳᠠᠲᠠᠢ ᠬᠦᠴᠢᠷᠳᠡᠯ ᠪᠠ ᠠᠰᠠᠭᠤᠳᠠᠯ ᠢ ᠰᠶᠢᠳᠪᠦᠷᠢᠯᠡᠬᠦ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ︽ᠵᠠᠰᠠᠭ ᠤᠨ ᠤᠷᠳᠤᠨ ᠪᠠ ᠠᠵᠤ ᠠᠬᠤᠶᠢᠯᠠᠯ ᠤᠨ ᠰᠡᠳᠬᠢᠯ ᠢᠶᠠᠨ ᠤᠯᠤᠯᠴᠠᠬᠤ ᠶᠠᠷᠢᠯᠴᠠᠬᠤ ᠬᠤᠷᠠᠯ︾ ᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠲᠦᠷᠦᠯ ᠲᠡᠮᠳᠡᠭᠲᠦ ᠪᠤᠯᠭᠠᠨ ᠱᠤᠭᠤᠪᠠ᠃ ᠲᠣᠭᠲᠠᠮᠠᠯ ᠬᠤᠭᠤᠴᠠᠭ᠎ᠠ ᠲᠠᠢ ᠪᠠᠷ ᠠᠳᠠᠯᠢ ᠪᠤᠰᠤ ᠠᠵᠢᠯ ᠲᠥᠷᠥᠯ᠂ ᠬᠦᠷᠢᠶ᠎ᠡ ᠴᠠᠷᠠᠭ᠎ᠠ᠂ ᠬᠡᠪᠴᠢᠶᠡᠵᠢᠭᠰᠡᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠨᠢᠭᠤᠷᠲᠠᠨ ᠰᠣᠯᠢᠯᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠨᠠᠷᠢᠯᠢᠭ ᠣᠨᠣᠴᠠᠲᠠᠢ ᠪᠠᠷ ᠰᠠᠶᠢᠲᠤᠷ ᠬᠢᠪᠡ᠃    ᠤᠳᠠᠭ᠎ᠠ ᠪᠦᠷᠢ ᠶᠢᠨ ᠶᠠᠷᠢᠯᠴᠠᠬᠤ ᠬᠤᠷᠠᠯ ᠳᠡᠭᠡᠷ᠎ᠡ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠨᠢ ᠴᠥᠮ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠠᠶᠢᠯ᠎ᠠ᠃ ᠠᠵᠤ ᠠᠬᠤᠶᠢᠯᠠᠯ ᠳᠤ ᠶᠠᠮᠠᠷ ᠶᠠᠮᠠᠷ ᠬᠠᠪᠰᠤᠷᠤᠯᠭ᠎ᠠ ᠬᠡᠷᠡᠭᠴᠡᠭᠡ ᠲᠠᠢ ᠪᠠᠶᠢᠬᠤ ᠲᠤᠬᠠᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠬᠠᠷᠢᠭᠤ ᠥᠭᠴᠦ᠂ ᠮᠠᠳᠠᠭ ᠲᠠᠢ ᠠᠰᠠᠭᠤᠳᠠᠯ ᠢ ᠨᠢ ᠳᠡᠶᠢᠯᠵᠦ᠂ ᠰᠶᠢᠳᠪᠦᠷᠢᠯᠡᠬᠦ ᠠᠷᠭ᠎ᠠ ᠵᠠᠮ ᠪᠠ ᠴᠠᠭ ᠤᠨ ᠬᠢᠵᠠᠭᠠᠷ ᠢ ᠲᠣᠳᠣᠷᠬᠠᠢ ᠲᠣᠭᠲᠠᠭᠠᠳᠠᠭ᠃    ︽ᠮᠠᠨ ᠤ ᠳᠤᠷᠠᠳᠤᠭᠰᠠᠨ ᠠᠰᠠᠭᠤᠳᠠᠯ ᠪᠣᠯᠣᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠬᠠᠢ ᠶᠢᠨ ᠲᠠᠯᠠᠪᠠᠶ ᠳᠤ ᠬᠦᠯᠢᠴᠡᠩᠭᠦᠢ ᠪᠠᠷ ᠬᠠᠷᠢᠭᠤᠯᠲᠠ ᠥᠭᠴᠡᠢ᠂ ᠡᠭᠦᠨ ᠳᠤ ᠪᠢᠳᠡ ᠮᠠᠰᠢ ᠰᠡᠳᠬᠢᠯ ᠬᠠᠨᠤᠮᠵᠢᠲᠠᠶ ᠪᠠᠶᠢᠨ᠎ᠠ︾ ᠬᠡᠵᠦ ᠪᠤᠭᠤᠲᠤ ᠬᠤᠳᠠ ᠶᠢᠨ ᠰᠠᠢ ᠪᠸᠢ ᠮᠠᠰᠢᠨ ᠲᠤᠨᠤᠭᠯᠠᠯ ᠤᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠢ ᠯᠧᠢ 2024 ᠣᠨ ᠤ ᠭᠤᠷᠪᠠᠳᠤᠭᠠᠷ ᠲᠠᠯᠠᠪᠤᠷ ︽ᠵᠠᠰᠠᠭ ᠤᠨ ᠤᠷᠳᠤᠨ ᠠᠵᠤ ᠠᠬᠤᠶᠢᠯᠠᠯ ᠤᠨ ᠰᠡᠳᠬᠢᠯ ᠢᠶᠠᠨ ᠤᠯᠤᠯᠴᠠᠬᠤ ᠶᠠᠷᠢᠯᠴᠠᠬᠤ ᠬᠤᠷᠠᠯ︾ ᠳᠤ ᠣᠷᠣᠯᠴᠠᠭᠰᠠᠨ ᠤ ᠳᠠᠷᠠᠭ᠎ᠠ ᠭᠦᠨ ᠲᠥᠷᠥᠭᠳᠡᠯ ᠢᠶᠠᠨ ᠶᠠᠷᠢᠪᠠ᠃    ᠨᠢᠭᠤᠷᠳᠠᠨ ᠤᠴᠠᠷᠠᠵᠤ ᠠᠭᠤᠵᠢᠷᠠᠳᠠᠯ᠎ᠠ ᠶᠠᠷᠢᠯᠴᠠᠪᠠᠯ ᠰᠠᠶ᠋ᠢ ᠠᠰᠠᠭᠤᠳᠠᠯ ᠢᠶᠠᠨ ᠰᠠᠶᠢᠲᠤᠷ ᠰᠶᠢᠳᠪᠦᠷᠢᠯᠡᠵᠦ ᠴᠢᠳᠠᠨ᠎ᠠ᠃ ᠣᠳᠣᠬᠠᠨ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠨᠢᠭᠡᠨᠲᠡ ᠲᠤᠰᠬᠠᠢ ᠨᠠᠷᠢᠯᠢᠭ ᠣᠨᠴᠠ ᠰᠢᠨ᠎ᠡ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠵᠡᠷᠭᠡ ᠬᠦᠷᠢᠶᠡᠨ ᠤ ᠴᠢᠩ ᠦᠨᠡᠨᠴᠢ ᠪᠠᠷ ᠶᠠᠷᠢᠯᠴᠠᠬᠤ ᠠᠵᠢᠯᠯᠠᠭ᠎ᠠ ᠶᠢ 6 ᠤᠳᠠᠭ᠎ᠠ ᠡᠷᠬᠢᠯᠡᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠣᠯᠣᠨ ᠪᠣᠳᠠᠲᠠᠢ ᠠᠰᠠᠭᠤᠳᠠᠯ ᠢ ᠨᠡᠶᠢᠳᠡ 169 ᠰᠶᠢᠳᠪᠦᠷᠢᠯᠡᠵᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号