ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/12/17
   12 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠪᠣᠯᠤᠨ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠳᠤ ᠠᠯᠢ ᠤᠯᠠᠨ ᠰᠢᠨ᠎ᠡ ᠰᠢᠨᠵᠢᠯᠡᠬᠦ ᠤᠬᠠᠭᠠᠨᠴᠢ ᠥᠭᠦᠯᠡᠯᠲᠡ ᠬᠢᠵᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠦ᠂ ᠢᠷᠡᠬᠦ ᠵᠢᠯ ᠤᠨ ᠪᠦᠬᠦ ᠣᠷᠣᠨ ᠤ ᠠᠵᠤ ᠠᠬᠤᠢ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃    ᠬᠤᠷᠠᠯ ᠠᠴᠠ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠢᠯᠡᠳᠲᠡ ᠠᠮᠵᠢᠯᠲᠠ ᠪᠦᠲᠦᠮᠵᠢ ᠤᠯᠤᠬᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠵᠢᠯᠣᠭᠤᠳᠤᠨ ᠵᠠᠯᠠᠭᠤᠷ ᠢ ᠡᠵᠡᠮᠳᠡᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ ᠭᠡᠳᠡᠭ ᠢ ᠭᠦᠨᠵᠡᠭᠡᠢ ᠲᠠᠨᠢᠵᠤ᠂ ᠡᠷᠬᠡᠪᠰᠢ ︽ᠬᠤᠶᠠᠷ ᠢ ᠲᠣᠭᠲᠠᠭᠠᠭᠰᠠᠨ︾ ᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠡᠩ ᠡᠷᠡᠰ ᠪᠠᠲᠤ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠢ ᠲᠠᠭᠠᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠡᠷᠡᠭᠳᠠᠢ᠃ ᠶᠡᠷᠦᠩᠬᠡᠢ ᠱᠦᠵᠢ ᠰᠢ ᠶᠢᠨ ᠫᠢᠩ ᠤᠨ ᠲᠠᠪᠤᠨ ︽ᠡᠷᠬᠡᠪᠰᠢ ᠰᠠᠶᠢᠳᠤᠷ ᠨᠢᠭᠡᠳᠦᠯᠲᠡᠢ ᠲᠥᠯᠥᠪᠵᠢᠭᠦᠯᠬᠦ︾ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠵᠢᠮ᠎ᠡ ᠶᠣᠰᠣ ᠶᠢ ᠨᠡᠩ ᠰᠠᠶᠢᠲᠤᠷ ᠡᠵᠡᠮᠳᠡᠨ᠂ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠥᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠵᠠᠳᠠᠯᠤᠯᠲᠠ ᠮᠠᠭᠠᠳᠯᠠᠯᠲᠠ ᠶᠢ ᠣᠨᠣᠪᠴᠢᠲᠠᠢ ᠡᠵᠡᠮᠳᠡᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠤᠷᠠᠯ ᠤᠨ ᠵᠣᠷᠢᠭ ᠰᠠᠨᠠᠭ᠎ᠠ ᠶᠢ  ᠳᠣᠣᠱᠯᠠᠭᠤᠯᠬᠤ ᠶᠢ ᠬᠤᠶᠠᠷ ᠶᠡᠭᠡ ᠶᠠᠪᠤᠳᠠᠯ ᠢᠯᠠᠩᠭᠤᠶ᠎ᠠ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠬᠤᠷᠠᠯ ᠠᠴᠠ ᠲᠣᠭᠲᠠᠭᠠᠭᠰᠠᠨ  ᠶᠢᠰᠦᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠨᠢᠭᠡᠳ ᠨᠢᠭᠡ ᠪᠠᠷ ᠪᠣᠳᠠᠲᠠᠢ ᠶᠠᠪᠤᠳᠠᠯ ᠪᠣᠯᠭᠠᠨ ᠬᠤᠪᠢᠷᠠᠭᠤᠯᠵᠤ᠂ ᠲᠦᠷᠦ ᠶᠢᠨ ᠪᠤᠳᠤᠯᠭ᠎ᠠ ᠶᠢᠨ ᠠᠰᠢᠭ ᠢ ᠭᠦᠢᠴᠡᠳ ᠰᠠᠶᠢᠲᠤᠷ ᠬᠡᠷᠡᠭᠯᠡᠵᠦ᠂ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠠᠵᠢᠯ ᠢᠶᠠᠨ ᠥᠨᠳᠥᠷ ᠪᠦᠲᠦᠮᠵᠢᠲᠡᠢ ᠪᠠᠷ ᠲᠥᠯᠥᠪᠵᠢᠭᠦᠯᠦᠨ ᠠᠬᠢᠭᠤᠯᠵᠤ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠰᠠᠶᠢᠨ ᠬᠠᠨᠳᠤᠰᠢ ᠶᠢ ᠪᠠᠲᠤᠯᠠᠵᠤ᠂ ᠴᠤᠴᠠᠯᠲᠠ ᠦᠭᠡᠢ ᠴᠢᠷᠮᠠᠶᠢᠨ ᠠᠵᠢᠯᠯᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠲᠤᠬᠠᠶ ᠴᠢᠬᠤᠯᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠬᠢᠵᠠᠭᠠᠷᠯᠠᠬᠤ ᠶᠢ ᠴᠢᠩᠭᠠᠳᠬᠠᠨ᠂ ᠪᠣᠳᠠᠲᠠᠶ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠪᠣᠳᠠᠲᠠᠶ ᠠᠵᠢᠯ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠪᠣᠳᠠᠲᠤ ᠠᠮᠵᠢᠯᠲᠠ ᠶᠢ ᠴᠢᠬᠤᠯᠠᠴᠢᠯᠠᠵᠤ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠣᠭᠤᠷᠢᠨ ᠳᠤ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠵᠤ᠂ ᠴᠢᠬᠤᠯᠠ ᠶᠡᠭᠡ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠯᠲᠠ ᠲᠠᠯᠪᠢᠨ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠳᠤ ᠣᠷᠣᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠵᠡᠷᠭᠡ ᠳᠤᠨᠢ ᠪᠠᠶᠢᠴᠠᠭᠠᠨ ᠵᠠᠰᠠᠬᠤ ᠲᠣᠭᠲᠠᠴᠠ ᠶᠢ ᠪᠦᠷᠢᠨᠰᠢᠬᠦᠯᠵᠥ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠢ ᠰᠠᠶᠢᠲᠤᠷ ᠬᠡᠷᠡᠭᠯᠡᠵᠦ᠂ ᠳᠦᠷᠢᠮ ᠲᠤᠭᠳᠠᠴᠠ ᠶᠢᠨ ᠲᠠᠯ᠎ᠠ ᠪᠠᠷ ᠬᠦᠴᠦᠯᠡᠨ ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠠᠯ ᠪᠣᠯᠤᠨ ᠤᠯᠠᠨ ᠲᠦᠮᠡᠨ ᠤ ᠳᠡᠷᠭᠡᠳᠡᠬᠢ ᠰᠤᠷᠲᠠᠯ ᠤᠨ ᠭᠡᠮ ᠰᠣᠭᠤᠭ ᠢ ᠭᠦᠨᠵᠡᠭᠡᠢ ᠴᠡᠭᠴᠡᠯᠡᠨ ᠵᠠᠰᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠬᠤ᠂ ᠬᠠᠤᠯᠢ ᠪᠠᠷ ᠵᠠᠰᠠᠬᠤ᠂ ᠵᠢᠩᠬᠢᠨᠢᠴᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠨᠠᠮ ᠤᠨ ᠭᠠᠳᠠᠨᠠᠬᠢ ᠬᠥᠮᠦᠰ ᠲᠠᠢ ᠬᠠᠮᠲᠤᠷᠠᠨ ᠠᠵᠢᠯᠯᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠭᠠᠳᠠᠨᠠᠬᠢ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠦᠢᠯᠡᠰ ᠲᠤ ᠢᠳᠡᠪᠬᠢᠲᠡᠶ ᠣᠷᠣᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦᠯᠬᠦ ᠬᠡᠷᠡᠭᠲᠡᠶ ᠭᠡᠵᠤ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠣᠣᠱᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠢᠯᠢ ᠬᠢᠵᠠᠭᠠᠷ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠭᠡᠨ ᠠᠬᠢᠭᠤᠯᠬᠤ ᠭᠡᠷᠡᠭᠳᠠᠢ᠃ ᠤᠯᠤᠰ ᠤᠨ ᠳᠡᠮᠵᠢᠯᠭᠡ ᠶᠢ ᠢᠳᠡᠪᠬᠢᠳᠠᠢ ᠭᠤᠶᠤᠴᠢᠯᠡᠨ ᠣᠯᠵᠤ᠂ ᠰᠠᠭᠤᠷᠢ ᠲᠦᠬᠦᠭᠡᠷᠤᠮᠵᠢ ᠶᠢ ᠬᠦᠴᠦᠯᠡᠨ ᠲᠡᠭᠦᠯᠳᠡᠷᠵᠢᠭᠦᠯᠬᠦ ᠭᠡᠷᠡᠭᠳᠠᠢ᠃ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠦᠷᠭᠦᠯᠵᠢᠯᠡᠨ ᠬᠦᠴᠦᠯᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠭᠡᠷᠡᠭᠳᠠᠢ᠃ ᠬᠢᠯᠢ ᠬᠢᠵᠠᠭᠠᠷ ᠤᠨ ᠵᠠᠰᠠᠯᠲᠠ ᠶᠢᠨ ᠣᠨᠣᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠢᠯᠢ ᠬᠢᠵᠠᠭᠠᠷ ᠤᠨ ᠵᠠᠰᠠᠯᠲᠠ ᠶᠢᠨ ᠥᠪᠥᠷ ᠮᠣᠩᠭᠤᠯ ᠤᠨ ᠥᠯᠢᠭᠡᠷ ᠢ ᠰᠠᠶᠢᠲᠤᠷ ᠶᠠᠷᠢᠬᠤ ᠭᠡᠷᠡᠭᠳᠠᠢ ᠭᠡᠵᠤ ᠴᠢᠬᠤᠯᠠᠴᠢᠯᠠᠪᠠ᠃    ᠬᠤᠷᠠᠯ ᠠᠴᠠ 2024 ᠣᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠤᠰᠤᠨ ᠤ ᠭᠡᠮᠵᠢᠶ᠎ᠠ ᠪᠠᠷ ᠳᠦᠷᠪᠡ ᠶᠢ ᠲᠣᠭᠲᠠᠭᠠᠬᠤ︾ ᠱᠠᠭᠠᠷᠳᠠᠯᠭ᠎ᠠ ᠶᠣᠰᠣᠭᠠᠷ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠭᠠᠵᠠᠷ ᠤᠨ ᠰᠢᠮ᠎ᠡ ᠬᠦᠴᠦ ᠶᠢ ᠳᠡᠭᠡᠭᠰᠢᠯᠡᠭᠦᠯᠵᠦ᠂ ᠭᠠᠵᠠᠷ ᠰᠢᠷᠣᠢ ᠶᠢᠨ ᠡᠷᠭᠢᠯᠲᠡ ᠶᠢ ᠵᠢᠷᠤᠮᠵᠢᠭᠤᠯᠵᠤ᠂ ᠲᠠᠷᠢᠶᠠᠴᠢᠳ ᠲᠤ ᠬᠤᠯᠪᠣᠭᠳᠠᠭᠰᠠᠨ ᠨᠥᠬᠦᠪᠥᠷᠢ ᠶᠢ ᠪᠠᠭᠤᠯᠭᠠᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠢᠳᠡᠪᠬᠢᠲᠡᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠪᠦᠬᠦ ᠬᠦᠴᠦ ᠪᠠᠷ ᠢᠶᠠᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠸᠠᠩ ᠪᠥᠸᠧ ᠳᠤ ᠥᠭᠭᠦᠭᠰᠡᠨ ᠬᠤᠯᠪᠣᠭᠳᠠᠯ ᠪᠥᠬᠦᠶ ᠰᠢᠳᠭᠡᠯ ᠦᠭᠬᠦ ᠲᠣᠭᠲᠠᠭᠠᠯ ᠢ ᠵᠠᠷᠯᠠᠨ ᠮᠡᠳᠡᠭᠳᠡᠪᠡ᠃ ᠬᠤᠷᠠᠯ ᠳᠤ ᠣᠷᠣᠯᠴᠠᠭᠰᠠᠨ ᠨᠥᠬᠦᠳ᠂ ᠨᠠᠮ ᠤᠨ ᠲᠥᠪ ᠬᠤᠷᠢᠶ᠎ᠠ ᠶᠢᠨ ᠲᠣᠭᠲᠠᠭᠠᠯ ᠢ ᠡᠷᠡᠰ ᠬᠦᠷᠢᠶᠡᠯᠡᠵᠦ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠣᠭᠲᠠᠭᠠᠯ ᠢ ᠡᠷᠡᠰ ᠬᠦᠷᠢᠶᠡᠯᠡᠨ᠎ᠡ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃ ᠬᠤᠷᠠᠯ ᠠᠴᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠸᠠᠩ ᠪᠥᠸᠧ ᠳᠤ ᠰᠢᠳᠭᠡᠯ ᠥᠭᠬᠦ ᠲᠣᠭᠲᠠᠭᠠᠯ ᠭᠠᠷᠭᠠᠬᠰᠡᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠢᠯᠵᠠᠷᠠᠯ ᠢ ᠡᠰᠡᠷᠭᠦᠴᠡᠬᠦ ᠲᠡᠮᠡᠴᠡᠯ ᠢ ᠡᠴᠦᠰ ᠲᠤᠨᠢ ᠲᠤᠯᠲᠠᠯ᠎ᠠ ᠬᠢᠵᠦ᠂ ᠨᠠᠮ ᠤᠨ ᠥᠪᠡᠷ ᠪᠡᠶ᠎ᠠ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠡᠷᠡᠰ ᠪᠠᠲᠤ ᠵᠣᠷᠢᠭ ᠪᠠ ᠢᠯᠡ ᠲᠣᠳᠣ ᠣᠪᠣᠷ ᠢ ᠭᠦᠢᠴᠡᠳ ᠢᠯᠡᠷᠡᠭᠦᠯᠪᠡ᠃ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠸᠠᠩ ᠪᠥᠸᠧ ᠶᠢᠨ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ ᠬᠡᠷᠡᠭ ᠢᠶᠠᠷ ᠲᠤᠯᠢ ᠪᠣᠯᠭᠠᠨ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠤᠯᠤᠰ ᠲᠦᠷᠦ ᠶᠢᠨ ᠦᠨᠳᠦᠷᠴᠡ ᠠᠴᠠ ᠢᠯᠵᠠᠷᠠᠯ ᠤᠨ ᠠᠰᠠᠭᠤᠳᠠᠯ ᠤᠨ ᠬᠦᠨᠳᠦ ᠨᠣᠴᠢᠲᠠᠢ ᠬᠤᠣᠷ ᠬᠥᠨᠥᠭᠡᠯ ᠢ ᠰᠡᠷᠭᠡᠭ ᠢᠶᠠᠷ ᠲᠠᠨᠢᠵᠤ᠂ ᠠᠯᠢᠪᠠ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠵᠢᠯᠯᠠᠭ᠎ᠠ ᠲᠠᠢ ᠡᠷᠡᠰ ᠲᠡᠮᠡᠴᠡᠯ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠡᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠨᠠᠮ ᠤᠨ ᠰᠢᠨ᠎ᠡ ᠡᠬᠦᠳᠤᠯᠳᠠ ᠶᠢᠨ ᠤᠨᠤᠯ ᠢᠶᠠᠷ ᠰᠡᠳᠭᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠰᠠᠬᠢᠵᠤ᠂ ᠴᠠᠭ ᠢᠮᠠᠭᠲᠠ ᠥᠪᠡᠷ ᠢ ᠪᠠᠨ ᠬᠦᠨᠳᠦᠳᠭᠡᠵᠦ ᠥᠪᠡᠷ ᠢ ᠪᠠᠨ ᠰᠡᠷᠡᠮᠵᠢᠯᠡᠭᠦᠯᠵᠦ ᠥᠪᠡᠷ ᠢ ᠪᠠᠨ ᠵᠣᠷᠢᠭᠵᠢᠭᠤᠯᠵᠤ᠂ ᠢᠯᠵᠠᠷᠠᠯ ᠢ ᠲᠡᠪᠴᠢᠵᠤ ᠴᠢᠨᠠᠷ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃    ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号