ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠶ ᠶᠢᠨ ᠪᠠᠶᠢᠭᠤᠯᠤᠯ ᠪᠣᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/17
    12 ᠰᠠᠷ᠎ᠠ ᠶᠢᠨ 13 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠤᠬᠠᠮᠰᠠᠷ ᠠᠴᠠ ᠪᠠᠨ ᠪᠠᠶᠢᠳᠠᠯ ᠬᠠᠨᠳᠤᠰᠢ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨᠴᠢ ᠮᠠᠭᠠᠳᠯᠠᠯᠲᠠ ᠪᠠᠷ ᠦᠵᠡᠯ ᠰᠠᠨᠠᠭ᠎ᠠ ᠪᠠᠨ ᠨᠢᠭᠡᠳᠭᠡᠵᠦ᠂ ᠵᠣᠷᠢᠭ ᠰᠠᠨᠠᠭ᠎ᠠ ᠪᠠᠨ ᠨᠢᠭᠡᠳᠭᠡᠵᠦ᠂ ᠦᠢᠯᠡ ᠠᠵᠢᠯᠯᠠᠭ᠎ᠠ ᠪᠠᠨ ᠨᠢᠭᠡᠳᠭᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠬᠥᠭᠵᠢᠯᠲᠡ ᠶᠢᠨ ᠢᠲᠡᠭᠡᠯ ᠵᠤᠷᠢᠭ ᠢᠶᠠᠨ ᠬᠦᠪᠴᠢᠯᠡᠵᠤ᠂ ᠪᠤᠳᠠᠳᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠡᠨᠡ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠢᠷᠡᠬᠦ ᠵᠢᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠯᠥᠪᠵᠢᠭᠦᠯᠵᠦ᠂ ᠬᠦᠴᠢᠷ ᠢ ᠰᠦᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ ᠵᠢᠳᠭᠦᠯ ᠴᠢᠷᠮᠠᠶᠢᠯᠭ᠎ᠠ ᠭᠠᠷᠭᠠᠵᠤ᠂ ᠡᠷᠡᠰ ᠭᠤᠶᠢᠪᠢᠰᠢ ᠦᠭᠡᠢ ᠪᠠᠷ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭ᠎ᠠ ᠶᠢᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠶᠢ ᠲᠦᠷᠭᠡᠳᠭᠡᠵᠦ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠴᠢᠷᠮᠠᠶᠢᠨ ᠪᠤᠵᠠᠭᠠᠶᠢᠷᠠᠭᠤᠯᠵᠤ᠂ ᠨᠡᠭᠡᠭᠡᠯᠲᠡ ᠶᠢᠨ ᠲᠠᠪᠴᠠᠩ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠪᠠᠯᠠ ᠶᠢ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠥᠨᠳᠥᠷ ᠲᠦᠪᠰᠢᠨ ᠪᠥᠬᠦᠶ ᠭᠠᠳᠠᠭᠠᠳᠤ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ︽ᠭᠠᠷ ᠳᠠᠮᠵᠢᠪᠠᠴᠤ ᠠᠰᠢᠭ ᠬᠦᠷᠳᠡᠬᠦ ᠦᠭᠡᠢ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠠᠶᠢᠲᠤᠷ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠪᠠᠶᠢᠭᠤᠯᠤᠯᠲᠠ᠂ ᠲᠠᠷᠢᠶᠠᠯᠠᠩ ᠤᠨ ᠲᠤᠰᠠᠯᠠᠬᠤ ᠢᠳᠡᠭᠡᠨ ᠤ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠳ᠋ᠠᠶᠢᠲ᠋ᠠ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ᠂ ᠳᠠᠪᠠᠭᠤᠯᠢᠬᠳᠤ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠪᠣᠯᠤᠨ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠲᠠᠪᠤᠨ ᠥᠭᠡᠷᠡᠴᠢᠯᠡᠯᠲᠡ ᠶᠢᠨ ᠲᠥᠰᠦᠯ ᠢ ᠬᠢᠨᠠᠨ ᠵᠥᠪᠯᠡᠵᠦ ᠪᠠᠲᠤᠯᠠᠪᠠ᠃ ᠠᠵᠤ ᠦᠢᠯᠡᠰ ᠤᠨ ᠬᠥᠭᠵᠢᠯᠲᠡ ᠶᠢᠨ ᠰᠡᠳᠭᠢᠮᠵᠢ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠯᠪᠠᠰᠤᠷᠠᠩᠭᠤᠶ ᠪᠣᠯᠤᠭᠰᠠᠨ ᠢ ᠨᠢ ᠣᠷᠢᠳᠡᠪᠡᠷ ᠬᠢᠵᠦ᠂ ᠠᠵᠤ ᠦᠢᠯᠡᠰ ᠤᠨ ᠬᠡᠯᠬᠢᠶ᠎ᠡ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠬᠡᠷᠡᠭᠲᠡᠶ︔ ᠵᠠᠬ᠎ᠠ ᠳᠡᠯᠭᠡᠭᠦᠷ ᠤᠨ ᠦᠢᠯᠡᠳᠦᠯ ᠢ ᠴᠢᠩᠭᠠᠳᠬᠠᠵᠤ᠂ ᠮᠠᠨ ᠤ ᠣᠷᠣᠨ ᠤ ᠣᠨᠴᠠᠯᠢᠭ ᠢ ᠳᠣᠪᠤᠶᠢᠯᠭᠠᠨ᠂ ᠲᠠᠷᠢᠶᠠᠯᠠᠩ ᠤᠨ ᠲᠤᠰᠠᠯᠠᠬᠤ ᠢᠳᠡᠭᠡᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠪᠠᠶᠢᠭᠤᠯᠤᠯ ᠲᠣᠭᠲᠡᠴᠡ ᠶᠢ ᠰᠢᠯᠤᠭᠤᠳᠬᠠᠵᠤ᠂ ᠳ᠋ᠠᠶᠢᠲ᠋ᠠ ᠶᠢᠨ ︽ᠥᠨᠥᠴᠢᠨ ᠠᠷᠠᠯ︾ ᠢ ᠡᠪᠳᠡᠵᠦ᠂ ᠲᠣᠭᠠᠴᠢᠯᠠᠯᠳᠠ ᠶᠢ ᠠᠵᠤ ᠦᠢᠯᠡᠰᠵᠢᠭᠦᠯᠬᠦ ᠪᠠ ᠠᠵᠤ ᠦᠢᠯᠡᠰ ᠢ ᠲᠣᠭᠠᠴᠢᠯᠠᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠨᠡᠩ ᠤᠯᠠᠨ ᠳ᠋ᠠᠶᠢᠲ᠋ᠠ ᠶᠢᠨ ᠠᠵᠤ ᠦᠢᠯᠡᠰ ᠤᠨ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠬᠤ ᠬᠡᠷᠡᠭᠲᠡᠢ︔ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ᠂ ᠪᠡᠶ᠎ᠠ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠥᠷᠢᠰᠥᠯᠳᠦᠭᠡᠨ ᠤ ᠪᠡᠶ᠎ᠡ ᠶᠢᠨ ᠲᠠᠮᠢᠷ ᠤᠨ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠨ᠂ ᠳᠠᠰᠬᠠᠯᠵᠢᠭᠤᠯᠤᠬᠴᠢ᠂ ᠲᠠᠮᠢᠷᠴᠢᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠣᠷᠣᠨ ᠤ ᠥᠷᠢᠰᠥᠯᠳᠦᠭᠡᠨ ᠤ ᠪᠡᠶ᠎ᠡ ᠶᠢᠨ ᠲᠠᠮᠢᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃    ᠬᠤᠷᠠᠯ ᠳᠤ 2024 ᠣᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠰᠣᠨᠣᠰᠴᠤ᠂ 2025 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ᠶᠢ ᠰᠤᠳᠤᠯᠪᠠ᠃    ᠬᠤᠷᠠᠯ ᠳᠤ ᠪᠠᠰᠠ ᠨᠡᠭᠦᠷᠡᠰᠦᠨ ᠤ ᠬᠠᠶᠠᠭᠳᠠᠮᠠᠯ ᠡᠬᠢ ᠪᠠᠶᠠᠯᠢᠭ ᠢ ᠠᠰᠢᠭᠯᠠᠬᠤ ᠠᠵᠢᠯ ᠢ ᠰᠤᠳᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号