ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠳᠤᠮᠳᠠᠳᠤ ᠤᠯᠤᠰ ᠤᠨ ᠠᠶᠢᠽ ᠡᠪᠡᠳᠴᠢᠨ ᠢ ᠬᠤᠷᠢᠭᠯᠠᠬᠤ ᠪᠠ ᠰᠡᠷᠭᠡᠶᠢᠯᠡᠨ ᠵᠠᠰᠠᠬᠤ ᠲᠥᠯᠥᠪᠵᠢᠭᠦᠯᠭᠡ ︵2024 — 2030 ᠣᠨ︶︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/12/18
    ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠦᠷᠦᠭᠦᠬᠡᠨ ︽ᠳᠤᠮᠳᠠᠳᠤ ᠤᠯᠤᠰ ᠤᠨ ᠠᠶᠢᠽ ᠡᠪᠡᠳᠴᠢᠨ ᠢ ᠬᠤᠷᠢᠭᠯᠠᠬᠤ ᠪᠠ ᠰᠡᠷᠭᠡᠶᠢᠯᠡᠨ ᠵᠠᠰᠠᠬᠤ ᠲᠥᠯᠥᠪᠵᠢᠭᠦᠯᠭᠡ ︵2024 — 2030 ᠣᠨ︶︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠪᠠ᠃    ︽ᠲᠥᠯᠥᠪᠵᠢᠭᠦᠯᠭᠡ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠳᠠᠶᠠᠭᠠᠷ ᠢ ᠳᠠᠶᠢᠴᠢᠯᠠᠬᠤ᠂ ᠪᠥᠬᠦ ᠠᠷᠠᠳ ᠢᠶᠠᠷ ᠢᠶᠠᠨ ᠣᠷᠣᠯᠴᠠᠬᠤ ᠶᠢ ᠪᠠᠷᠢᠮᠲᠠᠯᠠᠵᠤ᠂ ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ᠂ ᠶᠡᠷᠦᠩᠬᠡᠶᠢᠯᠡᠨ ᠵᠠᠰᠠᠬᠤ᠂ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠵᠤ᠂ ᠡᠮᠨᠡᠬᠦ ᠪᠠ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠠᠰᠠᠭᠤᠳᠠᠯ ᠪᠠ ᠭᠤᠤᠯᠳᠠᠯᠭ᠎ᠠ ᠲᠠᠢ ᠭᠤᠭᠴᠤᠭ᠎ᠠ ᠶᠢ ᠳᠣᠪᠤᠶᠢᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃    ︽ᠲᠥᠯᠥᠪᠵᠢᠭᠦᠯᠭᠡ︾ ᠳᠤ ᠰᠡᠷᠭᠡᠶᠢᠯᠡᠨ ᠵᠠᠰᠠᠬᠤ ᠶᠡᠷᠦᠩᠬᠡᠢ ᠬᠠᠷᠠᠯᠲᠠ ᠪᠤᠯ ᠠᠶᠢᠽ ᠡᠪᠡᠳᠴᠢᠨ ᠢ ᠰᠢᠨ᠎ᠡ ᠪᠠᠷ ᠬᠠᠯᠳᠠᠪᠤᠷᠢᠯᠠᠬᠤ ᠶᠢ ᠪᠠᠭᠠᠰᠬᠠᠵᠤ᠂ ᠬᠠᠮᠢᠶ᠎ᠠ ᠪᠦᠬᠦᠢ ᠦᠬᠦᠯ ᠢ ᠪᠠᠭᠠᠰᠬᠠᠵᠤ᠂ ᠪᠦᠬᠦ᠋ᠢᠯᠡ ᠬᠢᠵᠢᠭ ᠤᠨ ᠪᠠᠶᠢᠳᠠᠯ ᠢ ᠦᠷᠭᠦᠯᠵᠢᠯᠡᠨ ᠳᠣᠣᠷ᠎ᠠ ᠳᠡᠯᠭᠡᠷᠡᠯᠲᠡ ᠶᠢᠨ ᠲᠦᠪᠰᠢᠨ ᠳᠤ ᠬᠢᠵᠠᠭᠠᠷᠯᠠᠬᠤ ᠪᠤᠯᠤᠨ᠎ᠠ ᠭᠡᠵᠦ ᠳᠤᠬᠳᠠᠭᠠᠪᠠ᠃ ᠡᠭᠦᠨ ᠤ ᠬᠠᠮᠲᠤ᠂ ᠨᠡᠶᠢᠭᠡᠮ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ᠂ ᠠᠶᠤᠯᠲᠠᠶ ᠦᠢᠯᠡ ᠠᠵᠢᠯᠯᠠᠭ᠎ᠠ ᠶᠢᠨ ᠬᠤᠪᠢᠷᠠᠯᠲᠠ ᠶᠢ ᠠᠬᠢᠭᠤᠯᠬᠤ᠂ ᠬᠡᠷ ᠪᠦᠯᠢ ᠶᠢᠨ ᠳᠣᠲᠣᠷ᠎ᠠ ᠪᠠᠨ ᠬᠠᠯᠳᠠᠪᠤᠷᠢᠯᠠᠬᠤ ᠶᠢ ᠰᠡᠷᠭᠡᠶᠢᠯᠡᠬᠦ᠂ ᠣᠨᠣᠰᠢᠯᠠᠨ ᠡᠮᠨᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠥᠮᠦᠰ ᠤᠨ ᠬᠠᠯᠳᠠᠪᠤᠷᠢᠯᠠᠬᠤ ᠲᠦᠪᠰᠢᠨ ᠢ ᠬᠢᠵᠠᠭᠠᠷᠯᠠᠬᠤ ᠵᠡᠷᠭᠡ 5 ᠲᠠᠯ᠎ᠠ ᠶᠢᠨ ᠪᠣᠳᠠᠲᠠᠶ ᠠᠵᠢᠯ ᠤᠨ ᠬᠦᠢᠴᠡᠳᠭᠡᠯ ᠲᠤᠭ᠎ᠠ ᠶᠢ ᠲᠣᠳᠣᠷᠬᠠᠶᠢᠯᠠᠪᠠ᠃    ︽ᠲᠥᠯᠥᠪᠵᠢᠭᠦᠯᠭᠡ︾ ᠳᠤ ᠤᠬᠠᠭᠤᠯᠭ᠎ᠠ ᠬᠥᠮᠦᠵᠢᠯ ᠤᠨ ᠨᠦᠯᠦᠭᠡᠯᠡᠯ ᠪᠠ ᠨᠡᠶᠢᠭᠡᠮ ᠤᠨ ᠳᠠᠶᠢᠴᠢᠯᠠᠯᠲᠠ ᠶᠢ ᠥᠷᠨᠢᠭᠦᠯᠬᠦ᠂ ᠰᠢᠯᠭᠠᠨ ᠪᠠᠶᠢᠴᠠᠭᠠᠬᠤ ᠪᠠ ᠬᠢᠨᠠᠨ ᠬᠡᠮᠵᠢᠬᠦ ᠶᠢ ᠴᠢᠩᠭᠠᠳᠬᠠᠬᠤ᠂ ᠡᠮᠨᠡᠨ ᠵᠠᠰᠠᠬᠤ ᠪᠠ ᠠᠪᠤᠷᠠᠨ ᠲᠤᠰᠠᠯᠠᠬᠤ ᠶᠢ ᠠᠬᠢᠭᠤᠯᠬᠤ᠂ ᠠᠳᠠᠯᠢ ᠪᠤᠰᠤ ᠬᠥᠮᠦᠰ ᠤᠨ ᠬᠠᠨᠳᠤᠯᠭᠠᠲᠤ ᠴᠢᠨᠠᠷᠲᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠭᠠᠵᠠᠷ ᠣᠷᠣᠨ ᠤ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠨᠡᠶᠢᠭᠡᠮ ᠤᠨ ᠵᠠᠰᠠᠯᠲᠠ ᠶᠢ ᠥᠷᠨᠢᠭᠦᠯᠬᠦ ᠵᠡᠷᠭᠡ 6 ᠲᠠᠯ᠎ᠠ ᠶᠢᠨ 14 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃    ︽ᠲᠥᠯᠥᠪᠵᠢᠭᠦᠯᠭᠡ︾ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠮ ᠤᠨ ᠵᠦᠢᠯᠡᠰ ᠤᠨ ᠬᠠᠩᠭᠠᠯᠭ᠎ᠠ ᠶᠢ ᠪᠠᠲᠤᠯᠠᠵᠤ᠂ ᠰᠤᠳᠤᠯᠭᠠᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠬᠠᠷᠠᠯᠲᠠ ᠶᠢ ᠪᠡᠶᠡᠯᠡᠭᠦᠯᠬᠦ ᠳᠤ ᠴᠢᠩᠭ᠎ᠠ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号