ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/19
    12 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠤ᠂ 2025 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠸᠠᠩ ᠯᠢ ᠰᠢᠶᠠ᠂ ᠡᠯ᠎ᠡ ᠱᠠᠲᠤᠨ ᠤ ᠵᠠᠰᠠᠭ ᠤᠨ ᠣᠷᠳᠣᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠢᠶᠠᠨ ᠪᠣᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠳᠣᠪᠤᠶᠢᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ︽ᠬᠠᠤᠯᠢ ᠪᠠᠷ ᠵᠠᠰᠠᠬᠤ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠠᠵᠤ ᠠᠬᠤᠶᠢᠯᠠᠯ ᠪᠠ ᠠᠵᠤ ᠠᠬᠤᠶᠢᠯᠠᠯᠲᠠᠨ ᠢ ᠰᠠᠨᠠᠭ᠎ᠠ ᠠᠮᠤᠷ ᠡᠵᠡᠩᠨᠡᠭᠦᠯᠵᠦ᠂ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠶ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠳᠠᠬᠢᠯᠳᠠ ᠡᠨᠧᠷᠭᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠣᠯᠤᠨ ᠪᠡᠯᠴᠢᠭᠡᠷᠯᠡᠭᠦᠯᠬᠦ ᠶᠢ ᠵᠤᠭᠰᠤᠭᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠲᠣᠬᠢᠷᠠᠮᠵᠢᠲᠠᠢ᠂ ᠲᠤᠰᠠᠲᠠᠢ ︽ᠵᠢᠵᠢᠭ ᠰᠠᠵᠢᠭ ᠵᠦᠢᠯ᠂ ᠵᠢᠵᠢᠭ ᠲᠦᠷᠭᠡᠨ ᠠᠮᠢᠳᠤᠯᠢᠭ︾ ᠬᠠᠤᠯᠢ ᠲᠣᠭᠲᠠᠭᠠᠯᠳᠠ ᠭᠠᠷᠭᠠᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ︽ᠨᠢᠭᠡ ᠤᠳᠠᠭ᠎ᠠ ᠶᠡᠷᠦᠩᠬᠡᠶᠢᠯᠡᠨ ᠪᠠᠶᠢᠴᠠᠭᠠᠬᠤ︾ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ᠂ ᠬᠠᠶᠢᠷ᠎ᠠ ᠬᠠᠯᠠᠮᠵᠢ ᠲᠠᠢ᠂ ᠨᠠᠩ ᠴᠤ ᠣᠨᠣᠪᠴᠢᠲᠠᠶ ᠪᠠᠶᠢᠯᠭᠠᠬᠤ ᠬᠡᠷᠡᠭᠲᠡᠶ᠃ ᠨᠡᠶᠢᠭᠡᠮ ᠤᠨ ᠵᠠᠰᠠᠯᠲᠠ ᠶᠢᠨ ᠬᠠᠤᠯᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠰᠲ᠋ᠧᠮ ᠢ ᠪᠦᠷᠢᠨᠰᠢᠬᠦᠯᠵᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠲᠦᠷᠢᠮ᠂ ︽ᠭᠤᠷᠪᠠᠨ ᠬᠡᠯᠪᠡᠷᠢ ᠪᠠᠷ ᠰᠢᠩᠭᠡᠭᠡᠨ ᠠᠪᠬᠤ ᠠᠷᠭ᠎ᠠ︾ ᠵᠡᠷᠭᠡ ᠲᠤᠷᠰᠢᠯᠭ᠎ᠠ ᠠᠷᠭ᠎ᠠ ᠬᠢᠳᠡᠯ ᠢ ᠰᠠᠶᠢᠲᠤᠷ ᠬᠡᠷᠡᠭᠯᠡᠵᠦ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠦᠨᠳᠦᠰᠦᠨ ᠱᠠᠲᠤ ᠪᠣᠯᠤᠨ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠶ᠃ ᠤᠯᠠᠨ ᠨᠡᠶᠢᠲᠡ ᠶᠢ ᠣᠷᠣᠯᠴᠠᠭᠤᠯᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠶᠤᠰᠤᠨ ᠤ ᠳᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠬᠢᠨᠠᠯᠲᠠ ᠶᠢ ᠬᠦᠯᠢᠶᠡᠵᠦ᠂ ᠢᠯᠡ ᠲᠣᠳᠣ ᠪᠠᠶᠢᠯᠭᠠᠬᠤ ᠬᠡᠷᠡᠭᠲᠡᠢ ᠭᠡᠪᠡ᠃    ᠸᠠᠩ ᠯᠢ ᠰᠢᠶᠠ᠂ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠬᠠᠤᠯᠢ ᠪᠠᠷ ᠵᠠᠰᠠᠬᠤ ᠶᠢ ᠬᠦᠨᠳᠦᠳᠭᠡᠵᠦ᠂ ᠬᠠᠤᠯᠢ ᠴᠠᠭᠠᠵᠠ ᠶᠢ ᠬᠦᠨᠳᠦᠳᠭᠡᠵᠦ᠂ ᠢᠲᠡᠭᠡᠯ ᠢ ᠪᠠᠷᠢᠮᠲᠠᠯᠠᠨ ᠠᠮᠠᠯᠠᠯᠲᠠ ᠪᠠᠨ ᠦᠢᠯᠡᠳᠦᠯᠭᠡᠵᠢᠭᠦᠯᠵᠦ᠂ ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠵᠧᠩ ᠭᠤᠸᠠᠩ ᠵᠤᠤ ᠬᠤᠷᠠᠯ ᠢ ᠡᠷᠬᠢᠯᠡᠵᠦ᠂ ᠶᠠᠩ ᠵᠢᠶᠧ ᠬᠤᠷᠠᠯ ᠳᠤ ᠣᠷᠣᠯᠴᠠᠵᠤ᠂ ᠬᠡᠰᠡᠭ ᠠᠶᠢᠮᠠᠭ ᠬᠤᠳᠠ ᠪᠣᠯᠤᠨ ᠰᠠᠯᠠᠭ᠎ᠠ ᠮᠥᠴᠢᠷ ᠤᠨ ᠬᠢᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号