11 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠠᠢ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠪᠥᠬᠦ ᠤᠯᠤᠰ ᠤᠨ ᠬᠠᠩᠭᠠᠨ | ᠪᠣᠷᠣᠯᠠᠭᠤᠯᠬᠤ ᠶᠡᠷᠦᠩᠬᠡᠶ ᠬᠤᠷᠰᠢᠶ᠎ᠠ ᠪᠠᠶᠢᠭᠤᠯᠤᠭᠳᠠᠭᠰᠠᠨ 70 ᠵᠢᠯ ᠤᠨ ᠣᠶ ᠶᠢᠨ ᠲᠠᠰᠢᠷᠠᠮ ᠳᠤ ᠦᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠶ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠰᠢᠯᠢᠳᠡᠭ ᠤᠯᠠᠮᠵᠢᠯᠠᠯ ᠢᠶᠠᠨ | ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠨᠠᠩ | ᠰᠠᠶᠢᠲᠤᠷ ᠦᠢᠯᠡᠴᠢᠯᠡᠬᠦ ᠬᠡᠷᠡᠭᠲᠡᠶ᠃ ᠬᠤᠷᠰᠢᠶ᠎ᠠ ᠶᠢᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠱᠠᠯᠠᠪᠳᠠᠨ ᠲᠥᠯᠥᠪᠵᠢᠭᠦᠯᠦᠨ ᠠᠬᠢᠭᠤᠯᠵᠤ᠂ ᠠᠯᠢ ᠲᠦᠷᠭᠡᠨ ᠢᠶᠠᠷ ᠪᠣᠳᠠᠲᠤ ᠦᠷ᠎ᠡ ᠪᠦᠲᠦᠮᠵᠢ ᠤᠯᠬᠤ ᠪᠠᠷ | ᠴᠢᠷᠮᠠᠶᠢᠬᠤ ᠬᠡᠷᠡᠭᠳᠠᠢ᠃ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠰᠢᠨ᠎ᠡ ᠬᠤᠪᠢᠷᠠᠯᠲᠠ ᠰᠢᠨ᠎ᠡ | ᠬᠡᠷᠡᠭᠴᠡᠭᠡ ᠳᠤ ᠢᠳᠡᠪᠬᠢᠲᠡᠢ ᠵᠣᠬᠢᠴᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ | ᠳᠡᠭᠡᠭᠰᠢᠯᠡᠭᠦᠯᠦᠨ᠂ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠪᠣᠳᠠᠲᠠᠢ ᠠᠳᠬᠤᠵᠤ᠂ ᠲᠠᠷᠢᠶᠠᠯᠠᠩ ᠤᠨ ᠡᠳ᠋ | ᠪᠠᠷᠠᠭ᠎ᠠ ᠶᠢᠨ ᠬᠠᠩᠭᠠᠯᠭ᠎ᠠ᠂ ᠮᠠᠯ ᠠᠵᠤ ᠠᠬᠤᠢ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ᠂ ᠳᠠᠬᠢᠯᠳᠠ ᠡᠬᠢ | ᠪᠠᠶᠠᠯᠢᠭ ᠢ ᠪᠤᠴᠠᠭᠠᠨ ᠬᠤᠷᠢᠶᠠᠵᠤ ᠠᠰᠢᠭᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠳᠠᠢ᠃ ᠳᠠᠪᠠᠭᠤᠯᠢᠭ ᠲᠠᠭᠠᠨ | ᠰᠠᠭᠤᠷᠢᠯᠠᠵᠤ᠂ ᠢᠳᠡᠪᠬᠢᠲᠡᠢ ᠰᠦᠪᠡᠭᠴᠢᠯᠡᠨ᠂ ᠦᠢᠯᠡᠴᠢᠯᠡᠭᠡᠨ ᠤ ᠬᠦᠷᠢᠶ᠎ᠡ ᠪᠠᠨ ᠲᠠᠰᠤᠷᠠᠯᠲᠠ ᠥᠬᠡᠶ ᠥᠷᠭᠡᠳᠭᠡᠬᠦ | ᠬᠡᠷᠡᠭᠳᠠᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠨ ᠬᠤᠪᠢᠷᠠᠬᠤ ᠶᠢ | ᠰᠡᠷᠭᠡᠶᠢᠯᠡᠬᠦ ᠲᠦᠷᠢᠮ ᠤᠨ ᠰᠢᠩᠭᠡᠯᠢᠭ ᠢ ᠴᠢᠩᠭ᠎ᠠ ᠰᠦᠯᠵᠢᠬᠦ ᠬᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠬᠠᠷᠢᠶᠠᠲᠤ ᠨᠠᠷ ᠤᠨ ᠠᠵᠢᠯ ᠤᠨ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠥᠷᠭᠡᠨ ᠤᠯᠠᠨ ᠬᠠᠷᠢᠶᠠᠲᠤ ᠨᠠᠷ ᠤᠨ | ᠬᠡᠷ ᠪᠦᠯᠢ ᠬᠠᠷᠢᠶᠠᠲᠤ ᠠᠬ᠎ᠠ ᠳᠡᠭᠦᠦ ᠨᠡᠷ ᠲᠠᠢ ᠤᠯᠤᠯᠴᠠᠨ ᠬᠠᠷᠢᠯᠴᠠᠬᠤ ᠪᠠᠨ ᠰᠠᠨᠠᠭᠠᠴᠢᠯᠠᠭ᠎ᠠ ᠠᠴᠠ ᠪᠠᠨ | ᠴᠢᠩᠭᠠᠳᠬᠠᠵᠤ᠂ ᠮᠠᠨ ᠤ ᠣᠷᠣᠨ ᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠵᠢᠴᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠶᠡᠭᠡ ᠪᠠᠷ ᠤᠬᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠨᠡᠩ ᠤᠯᠠᠨ ᠬᠠᠷᠢᠶᠠᠲᠤ ᠨᠠᠷ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠶᠡᠭᠡ ᠨᠢᠭᠡᠳᠦᠮᠡᠯ ᠹᠷᠣᠨᠲ ᠤᠨ | ᠠᠵᠢᠯ ᠤᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠷᠢᠶᠠᠲᠤ ᠨᠠᠷ ᠲᠤ ᠬᠤᠯᠪᠣᠭᠳᠠᠬᠤ ᠠᠵᠢᠯ ᠤᠨ | ᠬᠦᠴᠦᠨ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠬᠠᠷᠢᠶᠠᠲᠤ ᠨᠠᠷ ᠤᠨ ᠡᠲᠡᠭᠡᠳ ᠤᠨ ᠤᠯᠠᠨ | ᠲᠦᠮᠡᠨ ᠲᠠᠢ ᠬᠠᠷᠢᠯᠴᠠᠵᠤ ᠲᠡᠳᠡᠨ ᠳᠤ ᠦᠢᠯᠡᠴᠢᠯᠡᠬᠦ ᠠᠵᠢᠯ ᠢ ᠦᠨᠡᠨ ᠬᠦ ᠪᠣᠳᠠᠲᠠᠢ ᠨᠠᠷᠢᠯᠢᠭ ᠬᠢᠬᠦ ᠬᠡᠷᠡᠭᠲᠡᠢ ᠭᠡᠵᠤ | ᠴᠢᠬᠤᠯᠠᠴᠢᠯᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |